ᠰᠢᠯᠢ ᠶᠢᠨ ᠭᠤᠣᠯ ᠠᠶᠢᠮᠠᠭ ᠤᠨ ᠬᠦᠭᠵᠢᠬᠦᠯᠦᠯᠳᠠ ᠦᠬᠡᠷᠡᠴᠢᠯᠡᠯᠳᠠ ᠶᠢᠨ ᠵᠦᠪᠯᠡᠯ ᠤᠨ ᠪᠠᠶᠢᠴᠠᠭᠠᠨ ᠰᠣᠳᠣᠯᠬᠤ ᠳᠣᠭᠤᠶᠢᠯᠠᠩ ᠮᠠᠨ ᠤ ᠬᠤᠳᠠ ᠳᠤ ᠢᠷᠡᠵᠦ ᠴᠡᠷᠢᠭ ᠤᠨ ᠠᠮᠦ  ᠬᠦᠨᠡᠰᠦᠨ ᠤ  ᠬᠠᠩᠭᠠᠯᠭ᠎ᠠ  ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2019/4/1
        ᠣᠶᠢᠷ᠎ᠠ ᠶᠢᠨ ᠡᠳᠦᠷ᠂ ᠰᠢᠯᠢ ᠶᠢᠨ ᠭᠤᠣᠯ ᠠᠶᠢᠮᠠᠭ ᠤᠨ ᠬᠦᠭᠵᠢᠬᠦᠯᠦᠯᠳᠠ ᠦᠬᠡᠷᠡᠴᠢᠯᠡᠯᠳᠠ ᠶᠢᠨ ᠵᠦᠪᠯᠡᠯ ᠤᠨ ᠳᠡᠳ᠋ ᠡᠷᠬᠢᠯᠡᠭᠴᠢ᠂ ᠠᠮᠣ ᠪᠣᠳᠠᠭ᠎ᠠ ᠪᠠ ᠡᠳ᠋ ᠪᠣᠳᠠᠰ ᠤᠨ ᠨᠦᠬᠡᠴᠡ ᠶᠢᠨ ᠳᠣᠪᠴᠢᠶᠠᠨ ᠤ ᠳᠠᠷᠤᠭ᠎ᠠ ᠮᠧᠩ ᠴᠢᠩ ᠺᠠᠢ   ᠪᠠᠷ ᠳᠦᠷᠦᠬᠦᠯᠡᠭᠰᠡᠨ 4 ᠬᠦᠮᠦᠨ ᠮᠠᠨ ᠤ ᠬᠤᠳᠠ ᠳᠤ ᠢᠷᠡᠵᠦ ᠴᠡᠷᠢᠭ ᠤᠨ ᠠᠮᠦ  ᠬᠦᠨᠠᠰᠣᠨ ᠤ ᠬᠠᠩᠭᠠᠯᠭ᠎ᠠ   ᠶᠢᠨ ᠠᠵᠢᠯ   ᠢ  ᠪᠠᠶᠢᠴᠠᠭᠠᠬᠤ ᠶᠢᠨ ᠬᠠᠮᠳᠦ᠂ ᠳᠣᠬᠠᠢ ᠶᠢᠨ ᠭᠠᠵᠠᠷ ᠲᠤ ᠰᠠᠭᠤᠷᠢᠰᠢᠵᠦ ᠪᠠᠶᠢᠭ᠎ᠠ ᠴᠡᠷᠢᠭ ᠠᠩᠬᠢ   ᠲᠠᠢ ᠰᠠᠭᠤᠳᠠᠯ ᠤᠨ ᠬᠤᠷᠠᠯ  ᠡᠷᠬᠢᠯᠡᠵᠦ᠂ ᠴᠡᠷᠢᠭ ᠤᠨ  ᠠᠮᠣ  ᠬᠦᠨᠠᠰᠣᠨ ᠤ ᠬᠠᠩᠭᠠᠯᠭ᠎ᠠ ᠶᠢᠨ ᠳᠠᠯ᠎ᠠ ᠳᠡᠭᠡᠷ᠎ᠡ ᠣᠷᠣᠰᠢᠵᠦ ᠪᠠᠶᠢᠭ᠎ᠠ ᠠᠰᠠᠭᠤᠳᠠᠯ ᠵᠢᠴᠢ  ᠠᠮᠦ ᠳᠣᠰᠣᠨ ᠤ  ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ  ᠢ ᠶᠠᠷᠢᠯᠴᠠᠪᠠ᠃        ᠪᠠᠶᠢᠴᠠᠭᠠᠨ ᠰᠣᠳᠣᠯᠬᠤ ᠳᠣᠭᠤᠶᠢᠯᠠᠩ ᠡᠷᠢᠶᠡᠨ ᠤ ᠴᠡᠷᠢᠭ ᠤᠨ ᠠᠮᠦ ᠬᠦᠨᠡᠰᠣᠨ ᠤ ᠬᠠᠩᠭᠠᠯᠭ᠎ᠠ ᠶᠢᠨ ᠦᠷᠳᠡᠭᠡ   ᠳᠤ ᠪᠠᠶᠢᠴᠠᠭᠠᠨ  ᠰᠣᠳᠣᠯᠣᠯᠳᠠ ᠬᠢᠵᠦ᠂ ᠣᠶᠢᠷ᠎ᠠ ᠶᠢᠨ ᠵᠢᠯ ᠤᠨ ᠮᠠᠨ ᠤ ᠬᠤᠳᠠ ᠶᠢᠨ ᠴᠡᠷᠢᠭ ᠤᠨ ᠠᠮᠦ ᠬᠦᠨᠡᠰᠣᠨ ᠤ ᠬᠠᠩᠭᠠᠯᠭ᠎ᠠ ᠶᠢᠨ ᠠᠵᠢᠯ ᠢ ᠦᠷᠨᠢᠬᠦᠯᠦᠭᠰᠡᠨ ᠪᠠᠶᠢᠳᠠᠯ ᠵᠢᠴᠢ ᠣᠷᠣᠰᠢᠵᠦ ᠪᠠᠶᠢᠭ᠎ᠠ ᠠᠰᠠᠭᠤᠳᠠᠯ   ᠤᠨ ᠳᠠᠯ᠎ᠠ ᠪᠠᠷ ᠬᠠᠷᠢᠭᠤ ᠮᠡᠳᠡᠬᠦᠯᠦᠯᠳᠠ ᠰᠣᠨᠣᠰᠴᠦ᠂ ᠮᠠᠨ ᠤ ᠬᠤᠳᠠ ᠶᠢᠨ ᠴᠡᠷᠢᠭ ᠤᠨ ᠠᠮᠦ ᠬᠦᠨᠠᠰᠣᠨ ᠤ ᠬᠠᠩᠭᠠᠯᠭ᠎ᠠ ᠶᠢᠨ  ᠳᠠᠯ᠎ᠠ ᠳᠡᠭᠡᠷ᠎ᠡ ᠣᠯᠣᠭᠰᠠᠨ ᠠᠮᠵᠢᠯᠳᠠ ᠶᠢ ᠬᠦᠢᠴᠡᠳ ᠨᠣᠳᠠᠯᠠᠬᠤ ᠶᠢᠨ ᠬᠠᠮᠳᠦ ᠳᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠣᠮᠵᠢ ᠶᠢᠨ  ᠴᠢᠨᠠᠷᠳᠠᠢ ᠰᠠᠨᠠᠭᠤᠯᠭ᠎ᠠ ᠳᠣᠷᠠᠳᠪᠠ᠃         ᠬᠤᠳᠠ ᠳᠤ ᠰᠠᠭᠤᠷᠢᠰᠢᠵᠦ ᠪᠠᠶᠢᠭ᠎ᠠ ᠴᠡᠷᠢᠭ ᠠᠩᠬᠢ ᠲᠠᠢ  ᠶᠠᠷᠢᠯᠴᠠᠬᠤ ᠳᠣᠮᠳᠠ᠂ ᠮᠧᠩ ᠴᠢᠩ ᠺᠠᠢ ᠵᠢᠭᠠᠵᠦ  ᠭᠠᠷᠭᠠᠭᠰᠠᠨ ᠨᠢ᠂ ᠪᠦᠬᠦ ᠠᠶᠢᠮᠠᠭ ᠤᠨ ᠴᠡᠷᠢᠭ ᠤᠨ ᠠᠮᠦ ᠬᠦᠨᠠᠰᠣᠨ ᠤ  ᠴᠡᠭ ᠤᠨ ᠶᠡᠷᠦᠩᠬᠡᠢ ᠪᠠᠶᠢᠷᠢᠯᠠᠭᠤᠯᠣᠯᠳᠠ   ᠠᠴᠠ᠂ ᠳᠣᠰ ᠴᠡᠷᠢᠭ ᠠᠩᠬᠢ  ᠬᠠᠷᠢᠶᠠᠯᠠᠭᠳᠠᠬᠤ ᠵᠡᠬᠦᠨ ᠰᠦᠨᠢᠳ ᠬᠤᠰᠢᠭᠤᠨ   ᠠᠴᠠ  ᠣᠶᠢᠷᠠᠯᠴᠠᠭ᠎ᠠ ᠪᠠᠶᠢᠭ᠎ᠠ ᠬᠡᠳᠦᠨ ᠬᠤᠭᠤᠯᠠ ᠬᠦᠨᠠᠰᠣᠨ ᠤ ᠪᠠᠶᠢᠭᠤᠯᠭ᠎ᠠ   ᠳᠤ ᠠᠮᠦ ᠬᠦᠨᠠᠰᠦ ᠬᠦᠷᠬᠡᠬᠦ ᠡᠬᠦᠷᠭᠡ ᠶᠢ ᠵᠡᠬᠦᠨ ᠰᠦᠨᠢᠳ ᠬᠤᠰᠢᠭᠤᠨ ᠤ ᠴᠡᠷᠢᠭ ᠤᠨ ᠠᠮᠦ  ᠬᠦᠨᠠᠰᠦ ᠬᠠᠩᠭᠠᠬᠤ ᠦᠷᠳᠡᠭᠡ ᠳᠤ ᠰᠢᠯᠵᠢᠬᠦᠯᠬᠦ ᠳᠣᠬᠠᠢ ᠵᠦᠪᠳᠡᠯᠴᠡᠪᠡ᠃ ᠬᠤᠳᠠ ᠳᠤ ᠰᠠᠭᠤᠷᠢᠰᠢᠵᠦ ᠪᠠᠶᠢᠭ᠎ᠠ ᠴᠡᠷᠢᠭ ᠠᠩᠬᠢ ᠠᠴᠠ ᠳᠣᠰ ᠰᠠᠨᠠᠭᠤᠯᠭ᠎ᠠ ᠶᠢ ᠨᠢᠬᠡᠳᠦᠯᠳᠠᠢ ᠵᠦᠪᠰᠢᠶᠡᠷᠡᠨ ᠬᠦᠯᠢᠶᠡᠨ ᠠᠪᠴᠦ᠂ ᠳᠠᠷᠣᠢ ᠲᠦᠷᠬᠡᠭᠡᠨ ᠠᠵᠢᠯ ᠢᠶᠠᠨ ᠰᠣᠯᠢᠯᠴᠠᠬᠤ ᠪᠠᠷ ᠱᠠᠯᠠᠪᠳᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号