ᠡᠷᠢᠶᠡᠨ ᠬᠤᠳᠠ ᠶᠢᠨ ᠮᠣᠩᠭᠤᠯ ᠳᠣᠮᠳᠠᠳᠦ ᠰᠣᠷᠭᠠᠭᠤᠯᠢ ᠶᠢᠨ ᠭᠠᠳᠠᠭᠠᠳᠦ ᠶᠢᠨ ᠰᠣᠷᠣᠭᠴᠢᠳ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠯᠠᠨ ᠣᠷᠣᠯᠴᠠᠪᠠ
ᠨᠡᠶᠢᠲᠡᠯᠡᠭᠰᠡᠨ ᠴᠠᠭ᠄
2019/4/2
        ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠳᠤ᠂ ᠪᠢᠳᠠ ᠪᠦᠬᠦᠳᠡᠬᠡᠷ ᠢᠶᠠᠨ ᠣᠷᠣᠯᠴᠠᠵᠠᠭᠠᠶ᠎ᠠ᠃  ᠡᠨᠡ ᠵᠢᠯ ᠤᠨ ︽ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ︾  ᠠᠵᠢᠯ ᠳᠠᠬᠢᠨ ᠰᠢᠨ᠎ᠡ ᠪᠠᠷ ᠡᠬᠢᠯᠡᠯ᠎ᠡ᠃ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠣᠯᠠᠮ ᠨᠢᠭᠡ ᠠᠯᠬᠤᠮ ᠠᠬᠢᠭᠤᠯᠬᠤ ᠶᠢᠨ ᠳᠣᠯᠠᠳᠠ᠂ 3 ᠰᠠᠷ᠎ᠠ ᠶᠢᠨ 30 ᠤ ᠡᠳᠦᠷ᠂ ᠬᠤᠳᠠ ᠶᠢᠨ ᠮᠣᠩᠭᠤᠯ ᠦᠨᠳᠣᠰᠣᠳᠡᠨ ᠤ ᠳᠣᠮᠳᠠᠳᠦ ᠰᠣᠷᠭᠠᠭᠤᠯᠢ   ᠨᠢ ᠭᠠᠳᠠᠭᠠᠳᠦ ᠶᠢᠨ ᠰᠣᠷᠣᠭᠴᠢᠳ ᠢᠶᠠᠷ ᠪᠦᠷᠢᠯᠳᠦᠭᠰᠡᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠰᠠᠶᠢᠨ  ᠳᠣᠷᠠᠴᠣᠳ ᠤᠨ ᠳᠣᠭᠤᠶᠢᠯᠠᠩ ᠢ ᠵᠣᠬᠢᠶᠠᠨ ᠪᠠᠶᠢᠭᠤᠯᠵᠦ᠂ ᠮᠠᠰᠢᠨ ᠳᠡᠷᠭᠡᠨ ᠤ ᠦᠷᠳᠡᠭᠡᠨ ᠤ ᠣᠯᠠᠨ ᠣᠯᠣᠰ ᠤᠨ  ᠳᠡᠷᠭᠡᠨ ᠬᠦᠯᠢᠶᠡᠯᠳᠠ ᠶᠢᠨ  ᠭᠠᠵᠠᠷ ᠲᠤ ᠮᠣᠩᠭᠤᠯ ᠣᠯᠣᠰ ᠤᠨ  ᠬᠤᠳᠠᠯᠳᠣᠭᠠᠴᠢᠳ ᠵᠣᠷᠴᠢᠭᠴᠢᠳ ᠲᠤ  ᠪᠣᠯᠪᠠᠰᠣᠨ ᠬᠤᠳᠠ ᠶᠢ ᠪᠠᠶᠢᠭᠤᠯᠬᠤ ᠣᠬᠠᠭᠤᠯᠭ᠎ᠠ ᠶᠢᠨ ᠬᠠᠭᠤᠳᠠᠰᠦ ᠶᠢ  ᠳᠠᠷᠬᠠᠭᠠᠵᠦ᠂ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠮᠡᠳᠡᠯᠭᠡ ᠶᠢ ᠳᠠᠶᠢᠯᠪᠣᠷᠢᠯᠠᠪᠠ᠃         ᠳᠣᠰ ᠡᠳᠦᠷ ᠤᠨ ᠦᠷᠯᠦᠭᠡ  ᠡᠷᠳᠠ᠂ ᠰᠠᠶᠢᠨ ᠳᠣᠷᠠᠴᠣᠳ ᠣᠯᠠᠨ ᠣᠯᠣᠰ ᠤᠨ ᠳᠡᠷᠭᠡᠨ ᠤ ᠬᠦᠯᠢᠶᠡᠯᠳᠠ ᠶᠢᠨ ᠬᠡᠷ ᠲᠤ ᠢᠷᠡᠵᠦ᠂  ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠪᠦᠰᠡᠯᠡᠬᠦᠷ ᠢ ᠨᠢᠭᠡᠳᠦᠯᠳᠠᠢ ᠵᠡᠬᠦᠵᠦ᠂ ᠮᠣᠩᠭᠤᠯ ᠣᠯᠣᠰ ᠤᠨ ᠬᠤᠳᠠᠯᠳᠣᠭᠠᠴᠢᠳ  ᠵᠣᠷᠴᠢᠭᠴᠢᠳ ᠲᠤ ᠣᠬᠠᠭᠤᠯᠭ᠎ᠠ ᠶᠢᠨ ᠬᠠᠭᠤᠳᠠᠰᠦ ᠪᠠᠨ ᠳᠠᠷᠬᠠᠭᠠᠪᠠ᠃ ᠠᠵᠢᠯᠯᠠᠭ᠎ᠠ ᠳᠣᠮᠳᠠ᠂ ᠮᠣᠩᠭᠤᠯ ᠣᠯᠣᠰ ᠤᠨ ᠰᠣᠷᠣᠭᠴᠢᠳ ᠳᠡᠳᠡᠬᠡᠷ ᠬᠦᠮᠦᠰ ᠲᠤ ᠪᠣᠯᠪᠠᠰᠣᠨ ᠬᠤᠳᠠ ᠶᠢ ᠪᠠᠶᠢᠭᠤᠯᠬᠤ ᠮᠡᠳᠡᠯᠭᠡ ᠶᠢ ᠨᠠᠷᠢᠨ ᠳᠠᠶᠢᠯᠪᠣᠷᠢᠯᠠᠯᠳᠠ ᠬᠢᠬᠦ ᠶᠢᠨ ᠬᠠᠮᠳᠦ᠂ ᠳᠡᠳᠡᠨ ᠢ ᠪᠣᠯᠪᠠᠰᠣᠨ ᠬᠤᠳᠠ  ᠶᠢ ᠡᠬᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠬᠤ ᠶᠢ  ᠬᠠᠯᠠᠭᠤᠨ ᠢᠶᠠᠷ ᠣᠷᠢᠶᠠᠯᠠᠪᠠ᠃          ᠮᠣᠩᠭᠤᠯ ᠳᠣᠮᠳᠠᠳᠦ ᠰᠣᠷᠭᠠᠭᠤᠯᠢ ᠶᠢᠨ ᠳᠡᠳ᠋ ᠵᠠᠬᠢᠷᠣᠯ  ᠵᠣᠬᠢᠰᠳᠦ ᠬᠡᠯᠡᠭᠰᠡᠨ ᠨᠢ᠄ ︽ ᠦᠨᠦᠳᠦᠷ  ᠮᠠᠨ ᠤ ᠰᠣᠷᠭᠠᠭᠤᠯᠢ ᠨᠢ ᠬᠡᠰᠡᠭ ᠮᠣᠩᠭᠤᠯ ᠤᠨ ᠰᠣᠷᠣᠭᠴᠢ ᠪᠠ ᠣᠷᠣᠰ ᠤᠨ ᠰᠣᠷᠣᠭᠴᠢ ᠶᠢ ᠵᠣᠬᠢᠶᠠᠨ ᠪᠠᠶᠢᠭᠤᠯᠵᠦ ᠂ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠣᠬᠠᠭᠤᠯᠭ᠎ᠠ ᠶᠢᠨ ᠠᠵᠢᠯᠯᠠᠭ᠎ᠠ ᠬᠢᠵᠦ᠂ ᠳᠡᠳᠡᠨ ᠤ ᠦᠭᠡ ᠬᠡᠯᠡᠨ  ᠤ ᠳᠠᠪᠠᠭᠤᠯᠢᠭ ᠳᠠᠯ᠎ᠠ ᠶᠢ ᠬᠦᠢᠴᠡᠳ ᠠᠰᠢᠭᠯᠠᠨ᠂ ᠪᠣᠯᠪᠠᠰᠣᠨ ᠬᠤᠳᠠ ᠶᠢ ᠪᠠᠶᠢᠭᠤᠯᠬᠤ ᠣᠬᠠᠭᠤᠯᠭ᠎ᠠ ᠶᠢᠨ ᠠᠵᠢᠯ ᠢ  ᠣᠯᠠᠮ ᠢᠶᠠᠷ ᠠᠬᠢᠭᠤᠯᠪᠠ᠃ ᠡᠬᠦᠨ ᠤ ᠬᠠᠮᠳᠦ ᠨᠠᠩ ᠣᠯᠠᠨ ᠮᠣᠩᠭᠤᠯ ᠤᠨ ᠬᠤᠳᠠᠯᠳᠣᠭᠠᠴᠢᠳ  ᠵᠣᠷᠴᠢᠭᠴᠢᠳ  ᠲᠤ ᠪᠣᠯᠪᠠᠰᠣᠨ ᠬᠤᠳᠠ ᠶᠢ ᠪᠠᠶᠢᠭᠤᠯᠬᠤ ᠮᠡᠳᠡᠯᠭᠡ ᠶᠢ ᠡᠵᠡᠮᠰᠢᠬᠦᠯᠵᠦ᠂ ᠪᠣᠯᠪᠠᠰᠣᠨ   ᠤ ᠬᠢᠷᠢ ᠳᠦᠪᠰᠢᠨ ᠢ ᠳᠡᠭᠡᠭᠰᠢᠯᠡᠬᠦᠯᠪᠡ᠃ ᠬᠤᠶᠢᠰᠢᠳᠠ ᠮᠠᠨ ᠤ ᠰᠣᠷᠭᠠᠭᠤᠯᠢ ᠨᠢ ᠡᠨᠡ ᠳᠠᠯ᠎ᠠ ᠪᠠᠷ ᠨᠠᠩ ᠢᠯᠡᠬᠦᠣ ᠪᠠᠶᠢᠩᠭᠤ ᠶᠢᠨ ᠴᠢᠨᠠᠷᠳᠠᠢ  ᠣᠬᠠᠭᠤᠯᠭ᠎ᠠ ᠶᠢᠨ ᠠᠵᠢᠯ ᠦᠷᠨᠢᠬᠦᠯᠦᠨ᠎ᠡ︾ ᠬᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号