ᠮᠣᠩᠭᠤᠯ ᠤᠯᠤᠰ  ᠤᠨ ᠭᠠᠳᠠᠭᠠᠳᠤ ᠳᠤ ᠭᠠᠷᠭᠠᠬᠤ ᠬᠡᠮᠵᠢᠶ᠎ᠡ 11 % ᠪᠠᠷ ᠨᠡᠮᠡᠭᠳᠡᠪᠡ
ᠨᠡᠶᠢᠲᠡᠯᠡᠭᠰᠡᠨ ᠴᠠᠭ᠄
2019/9/2
          ᠮᠣᠩᠭᠤᠯ ᠤᠯᠤᠰ ᠠᠴᠠ  ᠭᠠᠶᠢᠯᠢ ᠶᠢᠨ ᠪᠣᠭᠤᠮᠲᠠ ᠶᠢᠨ ᠶᠡᠷᠦᠩᠬᠡᠶ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ 2019 ᠣᠨ ᠠᠴᠠ ᠡᠮᠦᠨᠡᠬᠢ 7 ᠰᠠᠷ᠎ᠠ ᠳᠤ᠂ ᠮᠣᠩᠭᠤᠯ ᠤᠯᠤᠰ  ᠤᠨ ᠭᠠᠳᠠᠭᠠᠳᠤ ᠠᠷᠠᠯᠵᠢᠶᠠᠨ ᠤ  ᠬᠡᠮᠵᠢᠶ᠎ᠡ ᠨᠢ ᠪᠠᠷᠤᠭ 80 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4 % ᠨᠡᠮᠡᠭᠳᠡᠪᠡ᠃ ᠡᠭᠦᠨ ᠳᠤ᠂ ᠭᠠᠳᠠᠭᠠᠳᠤ ᠳᠤ ᠭᠠᠷᠭᠠᠭᠰᠠᠨ  ᠬᠡᠮᠵᠢᠶ᠎ᠡ ᠨᠢ 45 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 ᠳ᠋ᠦᠩᠰᠢᠭᠤᠷ ᠳ᠋ᠣᠯᠯᠠᠷ ︵ᠲᠤᠬᠠᠶᠢᠯᠠᠪᠠᠯ 11 %︶ ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ  ᠬᠡᠮᠵᠢᠶ᠎ᠡ ᠨᠢ 35 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.41 ᠳ᠋ᠦᠩᠰᠢᠭᠤᠷ ᠳ᠋ᠣᠯᠯᠠᠷ ᠨᠡᠮᠡᠭᠳᠡᠵᠡᠶ ︵ᠲᠤᠬᠠᠶᠢᠯᠠᠪᠠᠯ 7.4 %︶᠃ ᠭᠤᠤᠯ ᠲᠦᠭᠦᠬᠡᠶ ᠮᠠᠲ᠋ᠧᠷᠢᠶᠠᠯ ᠤᠨ ᠭᠠᠳᠠᠭᠠᠳᠤ ᠭᠠᠷᠭᠠᠯᠲᠠ ᠶᠢᠨ ᠪᠠᠶᠢᠳᠠᠯ ᠠᠴᠠ ᠦᠵᠡᠪᠡᠯ᠂ ᠨᠡᠭᠦᠷᠡᠰᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 2080 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 ᠲᠦᠮᠡᠨ ᠲᠣᠨ ᠪᠠᠭᠠᠰᠪᠠ︔ ᠵᠡᠰ ᠤᠨ ᠨᠠᠷᠢᠯᠢᠭ ᠨᠤᠨᠲᠠᠭ ᠢ ᠭᠠᠳᠠᠭᠠᠳᠤ ᠳᠤ ᠭᠠᠷᠭᠠᠬᠤ ᠬᠡᠮᠵᠢᠶ᠎ᠡ 86.77 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9 ᠲᠦᠮᠡᠨ ᠲᠣᠨ ᠨᠡᠮᠡᠭᠳᠡᠪᠡ᠃ ᠭᠤᠤᠯ ᠪᠣᠯᠬᠤ ᠭᠠᠳᠠᠭᠠᠳᠤ ᠭᠠᠷᠭᠠᠯᠲᠠ ᠶᠢᠨ ᠣᠷᠣᠯᠭ᠎ᠠ ᠠᠴᠠ ᠦᠵᠡᠪᠡᠯ᠂ ᠨᠡᠭᠦᠷᠡᠰᠦᠨ ᠤ ᠭᠠᠳᠠᠭᠠᠳᠤ ᠭᠠᠷᠭᠠᠯᠲᠠ ᠶᠢᠨ ᠣᠷᠣᠯᠭ᠎ᠠ 17.879 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.772 ᠳ᠋ᠦᠩᠰᠢᠭᠤᠷ ᠳ᠋ᠣᠯᠯᠠᠷ ᠨᠡᠮᠡᠭᠳᠡᠪᠡ︔ ᠵᠡᠰ ᠤᠨ ᠨᠠᠷᠢᠯᠢᠭ ᠨᠤᠨᠲᠠᠭ ᠤᠨ ᠭᠠᠳᠠᠭᠠᠳᠤ ᠭᠠᠷᠭᠠᠯᠲᠠ ᠶᠢᠨ ᠣᠷᠣᠯᠭ᠎ᠠ 11.999 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2380 ᠲᠦᠮᠡᠨ ᠳ᠋ᠣᠯᠯᠠᠷ ᠨᠡᠮᠡᠭᠳᠡᠪᠡ᠃    
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号