ᠠᠭᠤᠯᠠ  ᠪᠠᠶᠢᠴᠠᠭᠠᠨ ᠰᠢᠨᠵᠢᠯᠡᠬᠦ ᠪᠦᠯᠬᠦᠮ ᠳᠠᠭᠠᠭᠤᠯᠤᠨ ᠮᠣᠩᠭᠤᠯ ᠤᠯᠤᠰ  ᠬᠦᠪᠰᠦᠬᠦᠯ ᠠᠶᠢᠮᠠᠭ ᠢᠶᠠᠷ ᠠᠶᠢᠯᠴᠢᠯᠠᠪᠠ
ᠨᠡᠶᠢᠲᠡᠯᠡᠭᠰᠡᠨ ᠴᠠᠭ᠄
2019/9/20
          9 ᠰᠠᠷ᠎ᠠ ᠶᠢᠨ 11 ᠤ ᠡᠳᠦᠷ᠂ ᠮᠣᠩᠭᠤᠯ ᠤᠯᠤᠰ ᠤᠨ ᠬᠦᠪᠰᠦᠬᠦᠯ ᠠᠶᠢᠮᠠᠭ ᠤᠨ ᠢᠷᠭᠡᠳ ᠤᠨ ᠲᠥᠯᠥᠭᠡᠯᠡᠭᠴᠢᠳ ᠤᠨ ᠬᠤᠷᠠᠯ ᠤᠨ ᠲᠡᠷᠢᠭᠦᠯᠡᠭᠴᠢ ᠯ᠊ · ᠲᠡᠮᠦᠷᠪᠠᠭᠠᠲᠤᠷ ᠤᠨ ᠤᠷᠢᠯᠭ᠎ᠠ ᠪᠠᠷ ᠡᠷᠢᠶᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ ᠪᠠᠶᠢᠴᠠᠭᠠᠨ ᠰᠢᠨᠵᠢᠯᠡᠬᠦ ᠪᠦᠯᠬᠦᠮ ᠲᠠᠢ ᠬᠠᠮᠳᠦ ᠬᠦᠪᠰᠦᠬᠦᠯ ᠠᠶᠢᠮᠠᠭ ᠲᠤ ᠠᠶᠢᠯᠴᠢᠯᠠᠪᠠ᠃  ᠬᠤᠶᠠᠷ ᠲᠠᠯ᠎ᠠ ᠪᠠᠷ ᠢᠶᠠᠨ ᠠᠵᠢᠯ  ᠤᠨ ᠬᠡᠯᠡᠯᠴᠡᠬᠡᠷ ᠬᠢᠭᠰᠡᠨ ᠪᠥᠭᠡᠳ ᠰᠤᠷᠭᠠᠨ ᠬᠥᠮᠦᠵᠢᠯ ᠪᠣᠯᠤᠨ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠲᠤᠬᠠᠢ ᠬᠠᠮᠲᠤ ᠶᠢᠨ ᠲᠠᠨᠢᠯᠲᠠ ᠲᠠᠢ ᠪᠣᠯᠵᠠᠶ᠃            ᠯ᠊ · ᠲᠡᠮᠦᠷᠪᠠᠭᠠᠲᠤᠷ ᠡᠷᠢᠶᠡᠨ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠦᠪᠰᠦᠬᠦᠯ ᠠᠶᠢᠮᠠᠭ ᠲᠤ ᠠᠶᠢᠯᠴᠢᠯᠠᠭᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠥᠪᠰᠥᠭᠦᠯ  ᠠᠶᠢᠮᠠᠭ  ᠤᠨ ᠲᠥᠯᠥᠭᠡᠯᠡᠭᠴᠢᠳ ᠤᠨ ᠪᠦᠯᠬᠦᠮ ᠲᠠᠢ ᠬᠠᠮᠳᠦ 2019 ᠤᠨ 7 ᠰᠠᠷ᠎ᠠ ᠳᠤ ᠡᠷᠢᠶᠡᠨ ᠬᠤᠲᠠ ᠳᠤ  ᠠᠶᠢᠯᠴᠢᠯᠠᠵᠦ ᠂ ᠡᠷᠢᠶᠡᠨ ᠬᠤᠲᠠ ᠶᠢᠨ ᠠᠵᠤ ᠠᠬᠤᠶ  ᠨᠠᠶᠢᠬᠡᠮ ᠤᠨ ᠬᠥᠭᠵᠢᠯᠲᠡ ᠶᠢᠨ  ᠪᠠᠶᠢᠳᠠᠯ ᠵᠢᠴᠢ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ  ᠦᠢᠯᠡᠰ ᠢ ᠰᠢᠨᠵᠢᠯᠡᠨ ᠪᠠᠶᠢᠴᠠᠭᠠᠵᠤ᠂ ᠨᠥᠬᠦᠷᠰᠡᠭ ᠬᠠᠮᠲᠤᠷᠠᠯᠴᠠᠭᠠᠨ ᠤ ᠬᠦᠷᠢᠶᠡᠨ ᠳᠤ ᠭᠠᠷ ᠤᠨ ᠦᠰᠦᠭ ᠵᠢᠷᠤᠪᠠ᠃ ᠡᠶᠢᠮᠦ ᠠᠴᠠ ᠡᠷᠢᠶᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠲᠣᠰ ᠤᠳᠠᠭᠠᠨ ᠤ  ᠠᠶᠢᠯᠴᠢᠯᠠᠯᠳᠠ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠬᠠᠮᠲᠤ ᠶᠢᠨ ᠬᠦᠰᠡᠯ ᠡᠷᠡᠮᠡᠯᠵᠡᠯ ᠢ ᠢᠯᠡᠷᠡᠭᠦᠯᠵᠡᠶ᠃ ᠡᠨᠡᠬᠦ  ᠵᠠᠭᠪᠣᠷ ᠤᠨ ᠳᠣᠤᠷ᠎ᠠ᠂ ᠬᠥᠪᠰᠥᠭᠦᠯ  ᠠᠶᠢᠮᠠᠭ ᠡᠷᠢᠶᠡᠨ ᠬᠤᠲᠠ ᠯᠤᠭ᠎ᠠ ᠠᠷᠠᠯᠵᠢᠶ᠎ᠠ ᠬᠤᠳᠠᠯᠳᠤᠭ᠎ᠠ᠂ ᠰᠣᠶᠣᠯ ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠬᠥᠪᠰᠥᠭᠦᠯ  ᠠᠶᠢᠮᠠᠭ ᠠᠴᠠ ᠰᠤᠷᠤᠭᠴᠢ ᠲᠣᠮᠢᠯᠠᠨ ᠡᠷᠢᠶᠡᠨ ᠬᠤᠲᠠ ᠶᠢᠨ ᠣᠯᠠᠨ ᠤᠯᠤᠰ  ᠤᠨ ᠳᠡᠬᠡᠳᠦ ᠰᠤᠷᠭᠠᠭᠤᠯᠢ ᠳᠤ ᠰᠤᠷᠤᠯᠴᠠᠭᠤᠯᠵᠤ᠂ ᠡᠷᠢᠶᠡᠨ ᠬᠤᠲᠠ ᠶᠢᠨ ᠳᠡᠮᠵᠢᠯᠭᠡ ᠪᠣᠯᠤᠨ ᠬᠠᠪᠰᠤᠷᠤᠯᠭ᠎ᠠ ᠶᠢ ᠣᠯᠬᠤ ᠶᠢ ᠬᠦᠰᠡᠵᠡᠶ᠃           ᠡᠨᠡ ᠬᠤᠭᠤᠴᠠᠭᠠᠨ ᠳᠤ᠂ ᠪᠢᠳᠡ ᠬᠠᠮᠲᠤᠷᠠᠯᠴᠠᠭᠠᠨ ᠤ ᠬᠦᠷᠢᠶᠡᠨ ᠳᠤ ᠭᠠᠷ ᠤᠨ ᠦᠰᠦᠭ ᠵᠢᠷᠤᠵᠤ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠪᠣᠳᠠᠲᠠᠶ ᠶᠢ ᠡᠷᠬᠢᠮᠯᠡᠭᠰᠡᠨ ᠰᠣᠯᠢᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠠᠭᠤᠯᠠ ᠳᠠᠷᠤᠭ᠎ᠠ ᠠᠴᠠ᠂ ᠣᠳᠣᠬᠠᠨ ᠪᠣᠯᠲᠠᠯ᠎ᠠ᠂ ᠡᠷᠢᠶᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠣᠩᠭᠤᠯ ᠤᠯᠤᠰ  ᠤᠨ ᠳᠣᠷᠣᠨᠠᠭᠤᠪᠢ ᠠᠶᠢᠮᠠᠭ᠂ ᠠᠷᠤ ᠬᠠᠩᠭᠠᠶ ᠠᠶᠢᠮᠠᠭ᠂ ᠤᠯᠠᠭᠠᠨᠪᠠᠭᠠᠲᠤᠷ ᠬᠤᠲᠠ ᠶᠢᠨ ᠴᠡᠩᠬᠡᠯᠳᠠᠢ ᠲᠣᠭᠤᠷᠢᠭ ᠤᠨ ᠢᠷᠭᠡᠳ ᠤᠨ ᠲᠥᠯᠥᠭᠡᠯᠡᠭᠴᠢᠳ ᠤᠨ ᠬᠤᠷᠠᠯ ᠲᠠᠢ ᠬᠠᠮᠲᠤᠷᠠᠯᠴᠠᠭᠠᠨ ᠳᠤ ᠭᠠᠷ ᠤᠨ ᠦᠰᠦᠭ ᠵᠢᠷᠤᠭᠰᠠᠨ ᠪᠥᠭᠡᠳ ᠪᠣᠳᠠᠲᠠᠶ  ᠬᠡᠷᠡᠭᠵᠢᠬᠦᠯᠬᠦ ᠳᠦᠰᠦᠯ ᠢ ᠬᠡᠷᠡᠭᠵᠢᠬᠦᠯᠵᠦ ᠰᠢᠯᠢᠳᠡᠭ ᠦᠷ᠎ᠡ ᠪᠦᠳᠦᠮᠵᠢ ᠣᠯᠵᠠᠢ᠃           ᠬᠡᠯᠡᠯᠴᠡᠬᠡᠷ ᠬᠢᠬᠦ ᠬᠤᠭᠤᠴᠠᠭᠠᠨ ᠳᠤ᠂ ᠡᠷᠢᠶᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠬᠥᠪᠰᠥᠭᠦᠯ  ᠠᠶᠢᠮᠠᠭ ᠤᠨ ᠢᠷᠭᠡᠳ ᠤᠨ ᠲᠥᠯᠥᠭᠡᠯᠡᠭᠴᠢᠳ ᠤᠨ ᠬᠤᠷᠠᠯ᠂ ᠡᠷᠢᠶᠡᠨ ᠬᠤᠲᠠ ᠶᠢᠨ ᠡᠮᠨᠡᠯᠭᠡ ᠶᠢᠨ ᠬᠤᠷᠢᠶ᠎ᠠ ᠪᠣᠯᠤᠨ ᠬᠥᠪᠰᠥᠭᠦᠯ  ᠠᠶᠢᠮᠠᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠷᠢᠶᠡᠨ ᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠪᠣᠯᠤᠨ ᠬᠥᠪᠰᠥᠭᠦᠯ  ᠠᠶᠢᠮᠠᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠲᠣᠰ ᠲᠣᠰ ᠨᠥᠬᠦᠷᠰᠡᠭ ᠬᠠᠮᠲᠤᠷᠠᠯᠴᠠᠭᠠᠨ ᠤ ᠴᠡᠴᠡᠷᠯᠢᠭ ᠲᠤ ᠭᠠᠷ ᠤᠨ ᠦᠰᠦᠭ ᠵᠢᠷᠤᠪᠠ᠃ ᠬᠤᠶᠠᠷ ᠲᠠᠯ᠎ᠠ ᠶᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠭᠠᠳᠠᠭᠠᠳᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ  ᠬᠡᠯᠡᠯᠴᠡᠬᠡᠷ ᠲᠤ ᠣᠷᠣᠯᠴᠠᠪᠠ᠃           ᠡᠷᠢᠶᠡᠨ ᠬᠤᠲᠠ ᠶᠢᠨ ᠲᠥᠯᠥᠭᠡᠯᠡᠭᠴᠢᠳ ᠤᠨ ᠪᠦᠯᠬᠦᠮ ᠬᠦᠪᠰᠦᠬᠦᠯ ᠠᠶᠢᠮᠠᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠬᠡᠤᠬᠡᠳ ᠤᠨ ᠴᠡᠴᠡᠷᠯᠢᠭ ᠵᠡᠷᠭᠡ ᠶᠢ ᠰᠢᠨᠵᠢᠯᠡᠨ ᠪᠠᠶᠢᠴᠠᠭᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号