ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ  ᠳᠡᠬᠡᠬᠡᠪᠣᠷᠢ ᠶᠢᠨ ᠬᠡᠮᠵᠢᠶ᠎ᠡ 1300 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2020/10/19
      ᠡᠨᠡ ᠵᠢᠯ ᠠᠴᠠ ᠨᠠᠰᠢ᠂ ᠡᠷᠢᠶᠡᠨ ᠥᠷᠲᠡᠭᠡ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠦᠢᠯᠡᠴᠢᠯᠡᠪᠡ᠃ ︽ᠲᠠᠪᠤ ᠶᠢ ᠦᠨᠡᠨᠬᠦ ᠪᠠᠲᠤᠯᠠᠵᠤ᠂ ᠲᠠᠪᠤ ᠶᠢ ᠪᠣᠳᠠᠲᠤ ᠦᠷ᠎ᠡ ᠪᠦᠲᠦᠮᠵᠢ ᠣᠯᠬᠤ︾ ᠬᠠᠷᠠᠯᠲᠠ ᠡᠭᠦᠷᠭᠡ ᠶᠢᠨ ᠳᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠡᠭᠡᠭᠡᠪᠦᠷᠢ ᠦᠢᠯᠡᠳᠪᠣᠷᠢᠯᠡᠯ ᠤᠨ ᠠᠵᠢᠯ ᠢ ᠨᠢᠭᠡᠳᠦᠯᠳᠠᠢ ᠲᠥᠯᠥᠪᠵᠢᠭᠦᠯᠦᠨ ᠰᠠᠶᠢᠲᠤᠷ ᠠᠳᠬᠤᠵᠤ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠵᠣᠬᠢᠶᠠᠨ ᠪᠠᠶᠢᠭᠤᠯᠣᠯᠳᠠ ᠶᠢ ᠴᠢᠩᠭᠠᠳᠬᠠᠵᠠᠢ᠃ ᠳᠣᠲᠣᠭᠠᠳᠤ ᠭᠠᠳᠠᠭᠠᠳᠤ ᠶᠢᠨ ᠵᠣᠬᠢᠴᠠᠭᠤᠯᠭ᠎ᠠ ᠪᠠᠨ  ᠴᠢᠩᠭᠠᠳᠬᠠᠵᠦ᠂ ᠳᠠᠯᠳᠠ ᠬᠦᠴᠦᠨ ᠢ ᠠᠭᠤᠳᠠᠯᠤᠨ ᠦᠷ᠎ᠡ ᠪᠦᠳᠦᠮᠵᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠡᠬᠡᠬᠡᠪᠣᠷᠢ ᠶᠢᠨ ᠬᠡᠮᠵᠢᠶ᠎ᠡ ᠶᠢᠨ ᠬᠦᠴᠦᠲᠡᠶ ᠨᠡᠮᠡᠭᠳᠡᠬᠦ ᠪᠠᠶᠢᠳᠠᠯ ᠢ ᠪᠠᠲᠤᠯᠠᠪᠠ᠃ 10 ᠰᠠᠷ᠎ᠠ ᠶᠢᠨ 15 ᠤ ᠡᠳᠦᠷ ᠪᠣᠯᠲᠠᠯ᠎ᠠ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠡᠭᠡᠭᠡᠪᠦᠷᠢ ᠶᠢᠨ ᠬᠡᠮᠵᠢᠶ᠎ᠡ 1300.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.0 % ᠨᠡᠮᠡᠭᠳᠡᠪᠡ᠃ ᠡᠭᠦᠨ ᠳᠤ ᠭᠠᠳᠠᠭᠠᠳᠤ ᠣᠷᠣᠭᠤᠯᠤᠯᠲᠠ 1182.03 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.4 % ᠨᠡᠮᠡᠭᠳᠡᠪᠡ︔ ᠭᠠᠳᠠᠭᠠᠳᠤ ᠭᠠᠷᠭᠠᠯᠲᠠ 118.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3 % ᠨᠡᠮᠡᠭᠳᠡᠪᠡ᠃
       ᠡᠨᠡ ᠵᠢᠯ ᠠᠴᠠ ᠨᠠᠰᠢᠬᠢ ᠨᠡᠮᠡᠭᠳᠡᠯ ᠬᠦᠴᠦᠲᠡᠶ  ᠪᠠᠶᠢᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠶᠢᠳᠠᠯ ᠤᠨ ᠡᠮᠦᠨ᠎ᠡ᠂ ᠡᠷᠢᠶᠡᠨ ᠦᠷᠳᠡᠭᠡ ᠨᠢ ᠪᠦᠯᠦᠭᠯᠡᠯ ᠺᠣᠮᠫᠠᠨᠢ ᠶᠢᠨ ᠵᠥᠪ ᠤᠳᠤᠷᠢᠳᠤᠯᠭ᠎ᠠ ᠪᠣᠯᠤᠨ ᠳᠡᠮᠵᠢᠯᠭᠡ ᠳᠣᠤᠷ᠎ᠠ ᠳᠣᠲᠣᠭᠠᠳᠤ ᠳᠠᠭᠠᠨ  ᠠᠵᠢᠯᠯᠠᠬᠤ ᠳᠠᠯᠳᠠ ᠬᠦᠴᠦᠨ ᠢᠶᠠᠨ ᠠᠭᠤᠳᠠᠯᠵᠤ ᠭᠠᠳᠠᠭᠰᠢ ᠲᠡᠭᠡᠭᠡᠪᠦᠷᠢ ᠶᠢᠨ ᠲᠦᠭᠵᠢᠷᠡᠯ ᠢ ᠠᠷᠢᠯᠭᠠᠪᠠ᠃ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠪᠡ᠃ ᠲᠤᠰ ᠥᠷᠲᠡᠭᠡ ᠨᠢ ᠥᠷᠲᠡᠭᠡᠨ ᠤ ᠲᠣᠭᠤᠷᠢᠭ ᠤᠨ ᠦᠢᠯᠡᠳᠪᠦᠷᠢᠯᠡᠯ ᠤᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ︽ᠡᠷᠲᠡ ᠡᠭᠡᠯᠵᠢ ᠲᠤᠰᠢᠶᠠᠬᠤ᠂ ᠣᠷᠣᠢ ᠶᠠᠷᠢᠯᠴᠠᠬᠤ︾ ᠬᠤᠷᠠᠯ ᠢ ᠠᠰᠢᠭᠯᠠᠨ᠂ ᠠᠮᠤᠷ ᠲᠦᠪᠰᠢᠨ ᠪᠠ ᠦᠷ᠎ᠡ ᠪᠦᠲᠦᠮᠵᠢ ᠶᠢ ᠨᠥᠯᠥᠭᠡᠯᠡᠬᠦ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠣᠷᠢᠯᠡᠵᠦ᠂ ᠠᠵᠢᠯ ᠤᠨ ᠳᠠᠯᠳᠠ ᠴᠢᠳᠠᠪᠤᠷᠢ ᠶᠢ ᠬᠦᠢᠴᠡᠳ ᠪᠠᠳᠠᠷᠠᠭᠤᠯᠪᠠ᠃ ᠲᠣᠰ ᠥᠷᠲᠡᠭᠡ ᠨᠢ ᠪᠠᠷᠠᠭ᠎ᠠ ᠶᠢᠨ ᠪᠠᠶᠢᠷᠢ ᠶᠢᠨ ᠲᠠᠯᠠᠪᠠᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠮᠦᠨ ᠤ ᠬᠦᠴᠦ᠂ ᠮᠠᠰᠢᠨ ᠪᠠᠭᠠᠵᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠡᠮᠦᠷ ᠤᠨ ᠬᠦᠳᠡᠷ᠂ ᠨᠡᠭᠦᠷᠡᠰᠦ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ᠂ ᠴᠠᠭᠠᠰᠤᠨ ᠡᠭᠡᠳᠡᠩ ᠵᠡᠷᠭᠡ ᠶᠡᠭᠡ ᠬᠡᠮᠵᠢᠶᠡᠨ ᠤ ᠪᠠᠷᠠᠭ᠎ᠠ ᠠᠴᠢᠶᠠᠯᠠᠵᠤ ᠪᠠᠭᠤᠯᠭᠠᠬᠤ ᠵᠣᠬᠢᠶᠠᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠴᠢᠶᠠᠯᠠᠵᠤ ᠪᠠᠭᠤᠯᠭᠠᠬᠤ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ ᠡᠨᠡ ᠬᠦ ᠰᠠᠭᠤᠷᠢᠨ ᠳᠡᠭᠡᠷ᠎ᠡ᠂ ᠲᠤᠰ ᠥᠷᠲᠡᠭᠡ ᠨᠢ ᠪᠠᠰᠠ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠵᠢᠴᠢ ᠮᠣᠩᠭᠤᠯ ᠤᠨ ᠲᠠᠯ᠎ᠠ ᠶᠢᠨ ᠲᠡᠮᠦᠷ ᠵᠠᠮ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠢᠳᠡᠪᠬᠢᠲᠡᠶ  ᠴᠢᠩᠭᠠᠳᠬᠠᠵᠦ᠂ ᠪᠠᠷᠠᠭᠠᠨ ᠤ ᠪᠣᠭᠤᠮᠲᠠ ᠥᠩᠭᠡᠷᠡᠬᠦ᠂ ᠭᠠᠯᠲᠤ ᠲᠡᠷᠭᠡ ᠶᠢ ᠪᠠᠶᠢᠴᠠᠭᠠᠨ ᠰᠢᠯᠭᠠᠬᠤ᠂ ᠲᠡᠷᠭᠡ ᠬᠥᠰᠬᠡ ᠶᠢ ᠳᠣᠰᠢᠶᠠᠬᠤ᠂ ᠳᠤᠭᠤᠶᠢᠯᠠᠩ ᠪᠠᠶᠢᠭᠤᠯᠬᠤ ᠶᠠᠰᠤ ᠴᠢᠨᠠᠷ᠂ ᠫᠢᠶᠣᠣ ᠪᠠᠷᠢᠮᠲᠠ ᠳᠠᠮᠵᠢᠭᠤᠯᠬᠤ ᠵᠡᠷᠭᠡ ᠲᠠᠯ᠎ᠠ ᠶᠢᠨ ᠤᠶᠠᠯᠳᠤᠯ ᠤᠨ ᠠᠰᠠᠭᠤᠳᠠᠯ ᠢ ᠴᠠᠭ ᠲᠤᠬᠠᠶ ᠳᠤᠨᠢ ᠵᠥᠪᠳᠡᠯᠴᠡᠨ  ᠰᠢᠢᠳᠪᠣᠷᠢᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠶ ᠨᠥᠬᠦᠴᠡᠯ ᠢ ᠪᠤᠢ ᠪᠣᠯᠭᠠᠵᠤ ᠥᠭᠴᠡᠶ᠃
 
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号