ᠠᠩᠬᠠᠷᠤᠯ ᠤᠨ ᠲᠥᠪ᠄ ᠮᠠᠨ ᠤ ᠬᠤᠲᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠳᠠᠰᠣᠯᠠᠨ ᠪᠣᠳᠣᠯᠳᠠ ᠶᠢ ︽  ᠨᠢᠭᠡ ᠦᠷᠳᠡᠭᠡ  ᠮᠠᠶ᠋ᠢᠭ︾ ᠢ ᠪᠡᠶᠡᠯᠡᠬᠦᠯᠪᠡ
ᠨᠡᠶᠢᠲᠡᠯᠡᠭᠰᠡᠨ ᠴᠠᠭ᠄
2020/10/20
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠬᠡᠨ ᠤ ᠳ᠋ᠦᠩᠨᠡᠨ ᠪᠣᠳᠣᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠳᠦᠬᠦᠮ ᠦᠵᠡᠬᠦᠯᠬᠦ ᠶᠢᠨ ᠳᠣᠯᠠᠳᠠ᠂ 2020 ᠤᠨ 5 ᠰᠠᠷ᠎ᠠ ᠠᠴᠠ ᠨᠠᠰᠢ᠂ ᠮᠠᠨ ᠤ ᠬᠤᠲᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠬᠢᠭᠡᠳ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ︽ᠨᠢᠭᠡ ᠦᠷᠳᠡᠭᠡ ᠮᠠᠶ᠋ᠢᠭ︾ ᠢ ᠴᠠᠭ ᠲᠤᠬᠠᠶ ᠳᠤᠨᠢ ᠳ᠋ᠦᠩᠨᠡᠨ ᠪᠤᠳᠤᠬᠤ ᠶᠢ ᠪᠡᠶᠡᠯᠡᠭᠦᠯᠪᠡ᠃ ᠡᠮ ᠡᠮᠨᠡᠯᠭᠡ ᠶᠢᠨ ᠳᠠᠭᠠᠳᠬᠠᠯ ᠤᠨ ᠠᠪᠤᠷᠠᠨ ᠲᠤᠰᠠᠯᠠᠯᠲᠠ ᠶᠢ ᠬᠦᠴᠢᠷᠳᠡᠯᠲᠡᠶ ᠣᠯᠠᠨ ᠲᠦᠮᠡᠨ ᠳᠤ  ᠦᠢᠯᠡᠴᠢᠯᠡᠬᠦᠯᠬᠦ ᠶᠢ ᠪᠡᠶᠡᠯᠡᠭᠦᠯᠵᠦ᠂ ᠬᠦᠴᠢᠷᠳᠡᠯᠲᠡᠶ ᠣᠯᠠᠨ ᠲᠦᠮᠡᠨ ᠢ ︽ᠡᠪᠡᠳᠴᠢᠨ ᠢᠶᠠᠨ ᠦᠵᠡᠭᠦᠯᠵᠦ ᠳᠡᠶᠢᠯᠬᠦ᠂ ᠡᠮᠨᠡᠯᠭᠡ ᠳᠤ ᠰᠠᠭᠤᠵᠤ ᠳᠠᠶᠢᠯᠬᠦ︾ ᠪᠣᠯᠭᠠᠪᠠ᠃       ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠨᠢ ᠬᠤᠲᠠ ᠶᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠨᠡᠨ ᠵᠠᠰᠠᠵᠤ᠂ ᠡᠮᠨᠡᠯᠭᠡ ᠠᠴᠠ ᠭᠠᠷᠬᠤ ᠦᠶ᠎ᠡ ᠳᠤ ᠡᠪᠡᠳᠴᠢᠲᠡᠨ ᠵᠥᠪᠬᠡᠨ ᠬᠤᠪᠢ ᠬᠥᠮᠦᠨ ᠤ ᠥᠪᠡᠷᠲᠡᠭᠡᠨ ᠥᠭᠬᠦ ᠬᠡᠰᠡᠭ ᠢ ᠳ᠋ᠦᠩᠨᠡᠨ ᠪᠤᠳᠤᠵᠤ᠂ ᠦᠨᠳᠦᠰᠦᠨ ᠡᠮᠴᠢᠯᠡᠭᠡᠨ ᠤ ᠲᠠᠩᠰᠠ ᠲᠠᠶᠢᠯᠬᠤ ᠪᠠ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠨᠦᠬᠦᠪᠣᠷᠢ ᠥᠭᠬᠦ ᠬᠡᠰᠡᠭ ᠢ ᠡᠮᠨᠡᠯᠭᠡ ᠶᠢᠨ ᠬᠤᠷᠢᠶ᠎ᠠ ᠠᠴᠠ ᠣᠷᠣᠯᠠᠨ ᠥᠭᠭᠦᠨ᠎ᠡ︔ ᠣᠷᠣᠯᠠᠨ ᠥᠭᠬᠦ ᠪᠡᠯᠡ ᠮᠥᠩᠭᠦ ᠶᠢ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠠᠯ ᠶᠣᠰᠣᠭᠠᠷ ᠲᠣᠭᠲᠠᠭᠰᠠᠨ ᠴᠢᠭ ᠪᠦᠬᠦᠢ ᠡᠮᠴᠢᠯᠡᠭᠡᠨ ᠤ ᠪᠠᠶᠢᠭᠤᠯᠤᠮᠵᠢ ᠯᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠨ ᠪᠣᠳᠣᠬᠤ ᠶᠢᠨ ᠬᠠᠮᠲᠤ ᠨᠥᠬᠦᠪᠥᠷᠢᠯᠡᠨ ᠪᠤᠴᠠᠭᠠᠨ᠎ᠠ᠃       ᠣᠳᠣ ᠪᠣᠯᠲᠠᠯ᠎ᠠ᠂ ᠬᠤᠲᠠ ᠶᠢᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠠᠪᠤᠷᠠᠨ ᠲᠤᠰᠠᠯᠠᠯᠲᠠ ᠨᠡᠶᠢᠲᠡ 8 ᠬᠥᠮᠦᠨ ᠤᠳᠠᠭ᠎ᠠ᠂ ᠡᠮᠨᠡᠯᠭᠡ ᠳᠤ ᠰᠠᠭᠤᠭᠰᠠᠨ ᠶᠡᠷᠦᠩᠬᠡᠶ ᠵᠠᠷᠤᠳᠠᠯ 4.41 ᠲᠦᠮᠡᠨ ᠲᠥᠭᠦᠷᠢᠭ᠂ ᠦᠨᠳᠦᠰᠦᠨ ᠡᠮ ᠡᠮᠨᠡᠯᠭᠡ ᠶᠢᠨ ᠳᠠᠩᠰᠠ ᠲᠠᠶᠢᠯᠬᠤ ᠵᠠᠷᠤᠳᠠᠯ ᠨᠡᠶᠢᠲᠡ 2.67 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠨᠥᠬᠦᠪᠥᠷᠢ ᠨᠡᠶᠢᠲᠡ 0.84 ᠲᠦᠮᠡᠨ ᠲᠥᠭᠦᠷᠢᠭ︔ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠨᠡᠶᠢᠲᠡ 3 ᠬᠥᠮᠦᠨ ᠤᠳᠠᠭ᠎ᠠ᠂ ᠡᠮᠨᠡᠯᠭᠡ ᠳᠤ ᠰᠠᠭᠤᠭᠰᠠᠨ ᠶᠡᠷᠦᠩᠬᠡᠶ ᠵᠠᠷᠤᠳᠠᠯ 2.62 ᠲᠦᠮᠡᠨ ᠲᠥᠭᠦᠷᠢᠭ᠂ ᠦᠨᠳᠦᠰᠦᠨ ᠡᠮᠴᠢᠯᠡᠭᠡᠨ ᠤ ᠳᠠᠩᠰᠠ  ᠨᠠᠶᠢᠳᠠ 1.58 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠨᠥᠬᠦᠪᠥᠷᠢ ᠨᠡᠶᠢᠲᠡ 0.46 ᠲᠦᠮᠡᠨ ᠲᠥᠭᠦᠷᠢᠭ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号