ᠦᠷ᠎ᠡ ᠪᠦᠲᠦᠭᠡᠯ ᠢ ᠪᠠᠬᠢᠵᠢᠭᠦᠯᠦᠨ ᠠᠷᠭ᠎ᠠ ᠵᠠᠮ ᠢ ᠥᠷᠭᠡᠳᠬᠡᠬᠦ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠮᠠᠯᠵᠢᠬᠤ ᠣᠷᠣᠨ ᠳᠤ ᠣᠷᠣᠭᠤᠯᠤᠨ᠎ᠠ
ᠨᠡᠶᠢᠲᠡᠯᠡᠭᠰᠡᠨ ᠴᠠᠭ᠄
2020/10/21
       ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠡᠮᠡᠴᠡᠯ ᠤᠨ ᠰᠢᠢᠳᠪᠦᠷᠢᠲᠦ ᠢᠯᠠᠯᠲᠠ ᠶᠢ ᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ  ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠣᠷᠢᠵᠢᠭᠤᠯᠵᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠬᠦᠯᠬᠦ ᠶᠢᠨ ᠳᠣᠯᠠᠳᠠ᠂ 10 ᠰᠠᠷ᠎ᠠ ᠶᠢᠨ 17 ᠤ ᠡᠳᠦᠷ᠂ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ 7 ᠳ᠋ᠤᠭᠠᠷ ᠪᠥᠬᠦ ᠤᠯᠤᠰ ᠤᠨ ᠶᠠᠳᠠᠭᠤ ᠶᠢ ᠲᠡᠳᠬᠦᠬᠦ ᠡᠳᠦᠷ ᠬᠡᠷᠡᠯᠳᠦᠠᠣᠳᠦ ᠰᠤᠮᠤᠨ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
           ᠮᠠᠯᠴᠢᠳ ᠤᠨ ᠭᠡᠷ ᠲᠤ ᠭᠦᠨᠵᠡᠭᠡᠶᠢᠷᠡᠨ ᠤᠬᠠᠭᠤᠯᠭ᠎ᠠ ᠬᠢᠨ᠎ᠡ       ᠠᠵᠢᠯᠯᠠᠭᠠᠨ ᠤ ᠳᠤᠮᠳᠠ ᠠᠵᠢᠯ ᠣᠯᠭᠤᠬᠤ ᠲᠣᠪᠴᠢᠶᠠᠨ ᠤ ᠠᠵᠢᠯᠲᠠᠳ ᠮᠠᠯᠴᠢᠳ ᠲᠤ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ︾ ᠠᠯᠢ ᠣᠯᠠᠨ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠬᠦᠯᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠢᠵᠢᠭ ᠤᠨ ᠨᠥᠯᠥᠭᠡ ᠶᠢ ᠠᠷᠭᠠᠴᠠᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠠᠵᠢᠯ ᠣᠯᠭᠤᠵᠤ  ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠥᠷᠭᠡᠨ ᠣᠯᠠᠨ ᠮᠠᠯᠴᠢᠳ ᠲᠤ  ᠦᠨᠡᠨᠬᠦ ᠠᠰᠢᠭ ᠬᠦᠷᠲᠡᠭᠡᠨ᠎ᠡ᠃ ᠡᠭᠦᠨ ᠳᠤ ᠬᠠᠮᠲᠤ ᠮᠠᠯᠴᠢᠳ ᠲᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ᠂ ᠮᠡᠷᠭᠡᠵᠢᠯ ᠤᠨ ᠪᠣᠯᠪᠠᠰᠤᠷᠠᠯ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠂ ᠠᠳᠠᠯ ᠦᠢᠯᠡᠰ ᠴᠣᠭᠴᠠᠯᠠᠬᠤ ᠵᠢᠯᠣᠭᠤᠳᠣᠯᠭ᠎ᠠ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠮᠠᠯᠴᠢᠳ ᠤᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠲᠠᠨᠢᠯᠲᠠ ᠶᠢ ᠤᠯᠠᠮ ᠭᠦᠨᠵᠡᠭᠡᠶᠢᠷᠡᠭᠦᠯᠵᠦ᠂ ᠮᠠᠯᠴᠢᠳ ᠢ ᠡᠷᠦᠬᠡ ᠠᠴᠠ ᠭᠠᠷᠭᠠᠬᠤ ᠦᠭᠡᠶ ᠪᠠᠷ ᠠᠷᠠᠳ ᠲᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠵᠠᠶ᠃       ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠥᠷᠭᠡᠨ ᠣᠯᠠᠨ ᠮᠠᠯᠴᠢᠳ ᠲᠤ ᠠᠵᠢᠯ ᠣᠯᠵᠤ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠠᠶ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠣᠯᠠᠨ ᠳᠠᠯ᠎ᠠ ᠠᠴᠠ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠰᠡᠳᠬᠢᠴᠡ ᠪᠠᠨ ᠥᠷᠭᠡᠳᠬᠡᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠠᠬᠢᠭᠤᠯᠤᠨ᠂ ᠮᠠᠨ ᠤ ᠬᠤᠲᠠ ᠶᠢᠨ ᠠᠵᠢᠯ ᠣᠯᠭᠤᠬᠤ ᠦᠢᠯᠡᠰ ᠪᠣᠰᠬᠠᠬᠤ ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号