ᠬᠤᠨᠢ ᠢᠷᠡᠯ᠎ᠡ︕
ᠨᠡᠶᠢᠲᠡᠯᠡᠭᠰᠡᠨ ᠴᠠᠭ᠄
2020/10/26
       10 ᠰᠠᠷ᠎ᠠ ᠶᠢᠨ 22 ᠤᠨ ᠡᠳᠦᠷ᠂ ᠲᠦᠷᠦᠭᠦᠤ ᠪᠦᠯᠦᠭ ᠤᠨ 4000 ᠳᠣᠯᠣᠭᠠᠢ ᠮᠣᠩᠭᠤᠯ ᠣᠯᠣᠰ ᠤᠨ ᠬᠤᠨᠢ ᠥᠪᠥᠷ ᠮᠣᠩᠭᠤᠯ ᠤᠨ ᠡᠷᠢᠶᠡᠨ ᠬᠤᠳᠠ ᠶᠢᠨ ᠪᠣᠭᠤᠮᠲᠠ ᠪᠠᠷ ᠳᠡᠮᠵᠢᠨ ᠬᠢᠯᠢ ᠳᠤ ᠣᠷᠣᠵᠤ ᠢᠷᠡᠪᠡ᠃ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠭᠰᠠᠨ ᠣᠷᠢᠳᠠᠯ  ᠳᠣᠣᠷ᠎ᠠ᠂ ᠡᠷᠢᠶᠡᠨ ᠬᠤᠳᠠ — ᠵᠠᠮ ᠤᠨ ᠡᠭᠦᠳᠡ ᠪᠣᠭᠤᠮᠲᠠ ᠳᠤ ᠲᠤᠰᠢᠶᠠᠬᠤ ᠪᠠ ᠬᠦᠯᠢᠶᠡᠨ ᠠᠪᠬᠤ ᠶᠣᠰᠣᠯᠠᠯ  ᠶᠠᠪᠣᠭᠤᠯᠪᠠ᠃       ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠡᠬᠢᠨ ᠤ ᠦᠶ᠎ᠡ ᠳᠤ᠂ ᠮᠣᠩᠭᠤᠯ ᠤᠯᠤᠰ ᠳᠤᠮᠳᠠᠳᠤ ᠤᠯᠤᠰ ᠲᠤ 3 ᠲᠦᠮᠡᠨ ᠬᠤᠨᠢ ᠬᠠᠨᠳᠢᠪᠯᠠᠵᠦ᠂ ᠳᠤᠮᠳᠠᠳᠤ ᠤᠯᠤᠰ ᠤᠨ  ᠬᠢᠵᠢᠭ ᠢ ᠡᠰᠡᠷᠭᠦᠴᠡᠬᠦ ᠶᠢ ᠳᠡᠮᠵᠢᠬᠦ ᠪᠠᠷ ᠲᠣᠭᠲᠠᠪᠠ᠃      ᠳᠤᠮᠳᠠᠳᠤ ᠮᠣᠩᠭᠤᠯ ᠬᠤᠶᠠᠷ ᠲᠠᠯ᠎ᠠ ᠶᠢᠨ ᠨᠢᠭᠲᠠ ᠬᠠᠮᠵᠢᠯᠴᠠᠭ᠎ᠠ ᠶᠢᠨ ᠳᠣᠣᠷ᠎ᠠ᠂ ᠬᠠᠭᠠᠰ ᠵᠢᠯ ᠭᠠᠷᠤᠶ ᠶᠢᠨ ᠨᠠᠷᠢᠨ ᠨᠢᠮᠪᠠᠶ ᠪᠡᠯᠡᠳᠬᠡᠬᠦ ᠪᠠᠷ ᠳᠡᠮᠵᠢᠨ᠂ ᠮᠣᠩᠭᠤᠯ ᠤᠯᠤᠰ ᠳᠤᠮᠳᠠᠳᠤ ᠤᠯᠤᠰ ᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠶᠢ ᠳᠡᠮᠵᠢᠬᠦ ᠶᠢᠨ ᠲᠥᠯᠥᠭᠡ 3 ᠲᠦᠮᠡᠨ ᠬᠤᠨᠢ ᠶᠢ ᠵᠢᠩᠬᠢᠨᠢ ᠪᠠᠷ ᠳᠤᠮᠳᠠᠳᠤ ᠤᠯᠤᠰ ᠲᠤ ᠰᠢᠯᠵᠢᠭᠦᠯᠦᠨ ᠲᠤᠰᠢᠶᠠᠵᠠᠶ᠃
      10 ᠰᠠᠷ᠎ᠠ ᠶᠢᠨ 22 ᠤᠨ ᠡᠳᠦᠷ᠂ ᠲᠦᠷᠦᠭᠦᠤ ᠪᠦᠯᠦᠭ ᠤᠨ 4000 ᠳᠣᠯᠣᠭᠠᠢ ᠬᠤᠨᠢ ᠶᠢ ᠡᠷᠢᠶᠡᠨ ᠬᠤᠲᠠ ᠶᠢᠨ ᠪᠣᠭᠤᠮᠲᠠ ᠪᠠᠷ ᠳᠠᠮᠵᠢᠨ ᠬᠢᠯᠢ ᠳᠤ  ᠣᠷᠣᠭᠤᠯᠵᠦ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ  ᠦᠨᠡᠨᠬᠦ  ᠪᠠᠲᠤᠯᠠᠭᠰᠠᠨ ᠤᠷᠢᠲᠠᠯ ᠳᠣᠤᠷ᠎ᠠ᠂ ᠡᠷᠢᠶᠡᠨ ᠬᠤᠲᠠ — ᠵᠠᠮ ᠤᠨ ᠡᠭᠦᠳᠡ ᠪᠣᠭᠤᠮᠲᠠ ᠳᠤ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠪᠠ᠃     
   ᠮᠥᠨ ᠲᠡᠷᠡ ᠡᠳᠦᠷ᠂ ᠳᠤᠮᠳᠠᠳᠤ ᠶᠢᠨ ᠪᠦᠬᠦ ᠤᠯᠤᠰ ᠤᠨ ᠰᠢᠦᠳᠠᠨ ᠲᠡᠮᠳᠡᠭ ᠴᠤᠭᠯᠠᠭᠤᠯᠬᠤ ᠬᠤᠯᠪᠣᠭᠠᠲᠤ ᠬᠤᠷᠠᠯ ᠠᠴᠠ ︽ᠮᠣᠩᠭᠤᠯ ᠤᠯᠤᠰ ᠳᠣᠮᠳᠠᠳᠦ ᠤᠯᠤᠰ ᠲᠤ ᠭᠤᠷᠪᠠᠨ ᠲᠦᠮᠡᠨ ᠬᠤᠨᠢᠨ ᠤ ᠳᠤᠷᠠᠰᠬᠠᠯ ᠤᠨ ᠳᠤᠭᠲᠤᠢ︾ ᠶᠢ ᠲᠠᠷᠬᠠᠭᠠᠵᠤ᠂ ᠳᠤᠮᠳᠠᠳᠤ ᠮᠣᠩᠭᠤᠯ  ᠬᠤᠶᠠᠷ ᠤᠯᠤᠰ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤᠷᠠᠯᠴᠠᠵᠤ ᠬᠢᠵᠢᠭ ᠢ ᠡᠰᠡᠷᠭᠦᠴᠡᠭᠰᠡᠨ  ᠨᠦᠬᠦᠷᠰᠡᠭ ᠰᠠᠶᠢᠬᠠᠨ ᠦᠯᠢᠭᠡᠷ ᠢ ᠳᠤᠷᠠᠰᠬᠠᠪᠠ᠃
     ᠮᠣᠩᠭᠤᠯ ᠤᠯᠤᠰ ᠳᠤᠮᠳᠠᠳᠤ ᠤᠯᠤᠰ ᠲᠤ 3 ᠲᠦᠮᠡᠨ ᠬᠤᠨᠢ ᠬᠠᠨᠳᠢᠪᠯᠠᠭᠰᠠᠨ ᠨᠢ᠂ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠣᠯᠬᠤ ᠪᠥᠭᠡᠳ ᠮᠣᠩᠭᠤᠯ   ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠬᠢᠵᠢᠭ ᠢ  ᠡᠰᠡᠷᠬᠦᠴᠡᠬᠦ ᠶᠢ ᠡᠷᠡᠰ ᠳᠡᠮᠵᠢᠵᠦ ᠪᠠᠶᠢᠬᠤ ᠶᠢ ᠬᠠᠷᠠᠭᠤᠯᠵᠠᠶ᠃ ᠳᠤᠮᠳᠠᠳᠤ ᠮᠣᠩᠭᠤᠯ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠢ ᠢᠯᠡᠷᠡᠬᠦᠯᠪᠡ᠃
      ᠣᠳᠣᠬᠠᠨ ᠳᠤ᠂ ᠮᠣᠩᠭᠤᠯ ᠤᠯᠤᠰ ᠠᠴᠠ ᠳᠤᠮᠳᠠᠳᠤ ᠤᠯᠤᠰ ᠲᠤ ᠬᠠᠨᠳᠢᠪᠯᠠᠭᠰᠠᠨ 3 ᠲᠦᠮᠡᠨ ᠬᠤᠨᠢ ᠶᠢ ᠴᠥᠮ ᠮᠣᠩᠭᠤᠯ ᠣᠯᠣᠰ ᠤᠨ ᠵᠠᠮ ᠤᠨ ᠡᠬᠦᠳᠠ ᠳᠤ ᠲᠤᠰᠠᠭᠠᠷᠯᠠᠵᠤ ᠪᠠᠶᠢᠨ᠎ᠠ᠃       ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠡᠯᠡᠯᠴᠡᠨ ᠲᠣᠭᠲᠠᠭᠰᠠᠨ ᠲᠥᠯᠥᠪᠯᠡᠭᠡ ᠶᠢ ᠦᠨᠳᠦᠰᠦᠯᠡᠨ᠂ 3 ᠲᠦᠮᠡᠨ ᠬᠤᠨᠢ ᠶᠢ 11 ᠳ᠋ᠣᠬᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠳᠤᠮᠳᠠᠳᠤ ᠤᠯᠤᠰ ᠤᠨ ᠬᠢᠯᠢ ᠳᠣᠲᠣᠷ ᠎ᠠ ᠵᠥᠭᠡᠭᠡᠪᠦᠷᠢᠯᠡᠵᠦ ᠡᠷᠢᠶᠡᠨ ᠬᠤᠲᠠ ᠳᠤ ᠪᠣᠯᠪᠠᠰᠤᠷᠠᠭᠤᠯᠤᠭᠰᠠᠨ ᠤ ᠳᠠᠷᠠᠭ᠎ᠠ ᠬᠤᠪᠧᠶ ᠮᠤᠵᠢ ᠳᠤ  ᠵᠦᠬᠡᠬᠡᠪᠣᠷᠢᠯᠡᠨ᠎ᠡ᠃ ᠮᠣᠩᠭᠤᠯ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠰᠡᠳᠬᠢᠯ ᠢ ᠬᠢᠵᠢᠭ ᠢ ᠡᠰᠡᠷᠭᠦᠴᠡᠬᠦ ᠳᠤᠮᠳᠠ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠬᠤᠪᠧᠶ ᠶᠢᠨ ᠠᠷᠠᠳ ᠲᠦᠮᠡᠨ ᠳᠤ ᠳᠠᠮᠵᠢᠭᠤᠯᠵᠠᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号