| 10 ᠰᠠᠷ᠎ᠠ ᠶᠢᠨ 22 ᠤᠨ ᠡᠳᠦᠷ᠂ ᠲᠦᠷᠦᠭᠦᠤ ᠪᠦᠯᠦᠭ ᠤᠨ 4000 ᠳᠣᠯᠣᠭᠠᠢ ᠮᠣᠩᠭᠤᠯ ᠣᠯᠣᠰ ᠤᠨ | ᠬᠤᠨᠢ ᠥᠪᠥᠷ ᠮᠣᠩᠭᠤᠯ ᠤᠨ ᠡᠷᠢᠶᠡᠨ ᠬᠤᠳᠠ ᠶᠢᠨ ᠪᠣᠭᠤᠮᠲᠠ ᠪᠠᠷ ᠳᠡᠮᠵᠢᠨ ᠬᠢᠯᠢ ᠳᠤ ᠣᠷᠣᠵᠤ ᠢᠷᠡᠪᠡ᠃ | ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠭᠰᠠᠨ ᠣᠷᠢᠳᠠᠯ | ᠳᠣᠣᠷ᠎ᠠ᠂ ᠡᠷᠢᠶᠡᠨ ᠬᠤᠳᠠ — ᠵᠠᠮ ᠤᠨ ᠡᠭᠦᠳᠡ ᠪᠣᠭᠤᠮᠲᠠ ᠳᠤ ᠲᠤᠰᠢᠶᠠᠬᠤ ᠪᠠ ᠬᠦᠯᠢᠶᠡᠨ ᠠᠪᠬᠤ ᠶᠣᠰᠣᠯᠠᠯ | ᠶᠠᠪᠣᠭᠤᠯᠪᠠ᠃ | ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠡᠬᠢᠨ ᠤ ᠦᠶ᠎ᠡ ᠳᠤ᠂ | ᠮᠣᠩᠭᠤᠯ ᠤᠯᠤᠰ ᠳᠤᠮᠳᠠᠳᠤ ᠤᠯᠤᠰ ᠲᠤ 3 ᠲᠦᠮᠡᠨ ᠬᠤᠨᠢ ᠬᠠᠨᠳᠢᠪᠯᠠᠵᠦ᠂ ᠳᠤᠮᠳᠠᠳᠤ ᠤᠯᠤᠰ ᠤᠨ ᠬᠢᠵᠢᠭ ᠢ | ᠡᠰᠡᠷᠭᠦᠴᠡᠬᠦ ᠶᠢ ᠳᠡᠮᠵᠢᠬᠦ ᠪᠠᠷ ᠲᠣᠭᠲᠠᠪᠠ᠃ | ᠳᠤᠮᠳᠠᠳᠤ ᠮᠣᠩᠭᠤᠯ ᠬᠤᠶᠠᠷ ᠲᠠᠯ᠎ᠠ ᠶᠢᠨ ᠨᠢᠭᠲᠠ ᠬᠠᠮᠵᠢᠯᠴᠠᠭ᠎ᠠ ᠶᠢᠨ ᠳᠣᠣᠷ᠎ᠠ᠂ ᠬᠠᠭᠠᠰ ᠵᠢᠯ ᠭᠠᠷᠤᠶ ᠶᠢᠨ | ᠨᠠᠷᠢᠨ ᠨᠢᠮᠪᠠᠶ ᠪᠡᠯᠡᠳᠬᠡᠬᠦ ᠪᠠᠷ ᠳᠡᠮᠵᠢᠨ᠂ ᠮᠣᠩᠭᠤᠯ ᠤᠯᠤᠰ ᠳᠤᠮᠳᠠᠳᠤ ᠤᠯᠤᠰ ᠤᠨ ᠰᠢᠨ᠎ᠡ ᠲᠢᠲᠢᠮ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠶᠢ ᠳᠡᠮᠵᠢᠬᠦ ᠶᠢᠨ ᠲᠥᠯᠥᠭᠡ 3 ᠲᠦᠮᠡᠨ ᠬᠤᠨᠢ ᠶᠢ | ᠵᠢᠩᠬᠢᠨᠢ ᠪᠠᠷ ᠳᠤᠮᠳᠠᠳᠤ ᠤᠯᠤᠰ ᠲᠤ ᠰᠢᠯᠵᠢᠭᠦᠯᠦᠨ ᠲᠤᠰᠢᠶᠠᠵᠠᠶ᠃ | | | | | 10 ᠰᠠᠷ᠎ᠠ ᠶᠢᠨ 22 ᠤᠨ ᠡᠳᠦᠷ᠂ ᠲᠦᠷᠦᠭᠦᠤ ᠪᠦᠯᠦᠭ ᠤᠨ 4000 ᠳᠣᠯᠣᠭᠠᠢ ᠬᠤᠨᠢ ᠶᠢ ᠡᠷᠢᠶᠡᠨ | ᠬᠤᠲᠠ ᠶᠢᠨ ᠪᠣᠭᠤᠮᠲᠠ ᠪᠠᠷ ᠳᠠᠮᠵᠢᠨ ᠬᠢᠯᠢ ᠳᠤ ᠣᠷᠣᠭᠤᠯᠵᠦ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ | ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠡᠷᠢᠶᠡᠨ ᠬᠤᠲᠠ — | ᠵᠠᠮ ᠤᠨ ᠡᠭᠦᠳᠡ ᠪᠣᠭᠤᠮᠲᠠ ᠳᠤ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠪᠠ᠃ | | | | ᠮᠥᠨ ᠲᠡᠷᠡ ᠡᠳᠦᠷ᠂ ᠳᠤᠮᠳᠠᠳᠤ ᠶᠢᠨ ᠪᠦᠬᠦ ᠤᠯᠤᠰ ᠤᠨ ᠰᠢᠦᠳᠠᠨ ᠲᠡᠮᠳᠡᠭ ᠴᠤᠭᠯᠠᠭᠤᠯᠬᠤ ᠬᠤᠯᠪᠣᠭᠠᠲᠤ | ᠬᠤᠷᠠᠯ ᠠᠴᠠ ︽ᠮᠣᠩᠭᠤᠯ ᠤᠯᠤᠰ ᠳᠣᠮᠳᠠᠳᠦ ᠤᠯᠤᠰ ᠲᠤ ᠭᠤᠷᠪᠠᠨ ᠲᠦᠮᠡᠨ ᠬᠤᠨᠢᠨ ᠤ ᠳᠤᠷᠠᠰᠬᠠᠯ ᠤᠨ ᠳᠤᠭᠲᠤᠢ | ︾ ᠶᠢ ᠲᠠᠷᠬᠠᠭᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠬᠠᠮᠲᠤᠷᠠᠯᠴᠠᠵᠤ ᠬᠢᠵᠢᠭ ᠢ ᠡᠰᠡᠷᠭᠦᠴᠡᠭᠰᠡᠨ ᠨᠦᠬᠦᠷᠰᠡᠭ ᠰᠠᠶᠢᠬᠠᠨ ᠦᠯᠢᠭᠡᠷ ᠢ ᠳᠤᠷᠠᠰᠬᠠᠪᠠ᠃ | ᠮᠣᠩᠭᠤᠯ ᠤᠯᠤᠰ ᠳᠤᠮᠳᠠᠳᠤ ᠤᠯᠤᠰ ᠲᠤ 3 ᠲᠦᠮᠡᠨ ᠬᠤᠨᠢ ᠬᠠᠨᠳᠢᠪᠯᠠᠭᠰᠠᠨ ᠨᠢ᠂ ᠬᠤᠶᠠᠷ ᠤᠯᠤᠰ ᠤᠨ | ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠣᠯᠬᠤ ᠪᠥᠭᠡᠳ ᠮᠣᠩᠭᠤᠯ ᠤᠨ ᠲᠠᠯ᠎ᠠ ᠶᠢᠨ ᠬᠢᠨ | ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠬᠢᠵᠢᠭ ᠢ ᠡᠰᠡᠷᠬᠦᠴᠡᠬᠦ ᠶᠢ ᠡᠷᠡᠰ | ᠳᠡᠮᠵᠢᠵᠦ ᠪᠠᠶᠢᠬᠤ ᠶᠢ ᠬᠠᠷᠠᠭᠤᠯᠵᠠᠶ᠃ ᠳᠤᠮᠳᠠᠳᠤ ᠮᠣᠩᠭᠤᠯ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ | ᠲᠦᠮᠡᠨ ᠤ ᠭᠦᠨ ᠵᠤᠵᠠᠭᠠᠨ ᠨᠥᠬᠦᠷᠯᠡᠯ ᠢ ᠢᠯᠡᠷᠡᠬᠦᠯᠪᠡ᠃ | ᠣᠳᠣᠬᠠᠨ ᠳᠤ᠂ ᠮᠣᠩᠭᠤᠯ ᠤᠯᠤᠰ ᠠᠴᠠ ᠳᠤᠮᠳᠠᠳᠤ ᠤᠯᠤᠰ ᠲᠤ ᠬᠠᠨᠳᠢᠪᠯᠠᠭᠰᠠᠨ 3 ᠲᠦᠮᠡᠨ ᠬᠤᠨᠢ ᠶᠢ | ᠴᠥᠮ ᠮᠣᠩᠭᠤᠯ ᠣᠯᠣᠰ ᠤᠨ ᠵᠠᠮ ᠤᠨ ᠡᠬᠦᠳᠠ ᠳᠤ ᠲᠤᠰᠠᠭᠠᠷᠯᠠᠵᠤ ᠪᠠᠶᠢᠨ᠎ᠠ᠃ | ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠡᠯᠡᠯᠴᠡᠨ ᠲᠣᠭᠲᠠᠭᠰᠠᠨ ᠲᠥᠯᠥᠪᠯᠡᠭᠡ ᠶᠢ ᠦᠨᠳᠦᠰᠦᠯᠡᠨ᠂ 3 | ᠲᠦᠮᠡᠨ ᠬᠤᠨᠢ ᠶᠢ 11 ᠳ᠋ᠣᠬᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠳᠤᠮᠳᠠᠳᠤ ᠤᠯᠤᠰ ᠤᠨ ᠬᠢᠯᠢ ᠳᠣᠲᠣᠷ ᠠ | ᠵᠥᠭᠡᠭᠡᠪᠦᠷᠢᠯᠡᠵᠦ ᠡᠷᠢᠶᠡᠨ ᠬᠤᠲᠠ ᠳᠤ ᠪᠣᠯᠪᠠᠰᠤᠷᠠᠭᠤᠯᠤᠭᠰᠠᠨ ᠤ ᠳᠠᠷᠠᠭ᠎ᠠ ᠬᠤᠪᠧᠶ ᠮᠤᠵᠢ ᠳᠤ ᠵᠦᠬᠡᠬᠡᠪᠣᠷᠢᠯᠡᠨᠡ᠃ | ᠮᠣᠩᠭᠤᠯ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠰᠡᠳᠬᠢᠯ ᠢ ᠬᠢᠵᠢᠭ ᠢ ᠡᠰᠡᠷᠭᠦᠴᠡᠬᠦ ᠳᠤᠮᠳᠠ ᠯᠤᠲᠤ | ᠶᠡᠭᠡ ᠬᠤᠪᠢ ᠨᠡᠮᠡᠷᠢ ᠦᠵᠡᠭᠦᠯᠦᠭᠰᠡᠨ ᠬᠤᠪᠧᠶ ᠶᠢᠨ ᠠᠷᠠᠳ ᠲᠦᠮᠡᠨ ᠳᠤ ᠳᠠᠮᠵᠢᠭᠤᠯᠵᠠᠶ᠃ |