ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠡᠬᠡᠬᠡᠪᠣᠷᠢ ᠶᠢᠨ ᠬᠡᠮᠵᠢᠶ᠎ᠡ ᠨᠢᠳᠤᠨᠤᠨ ᠤ ᠬᠢ ᠠᠴᠠ 37 ᠡᠳᠦᠷ ᠣᠷᠢᠳᠴᠢᠯᠠᠨ 1400 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2020/11/10
       11 ᠰᠠᠷ᠎ᠠ ᠶᠢᠨ 7 ᠤ ᠡᠳᠦᠷ ᠤᠨ 06 ᠴᠠᠭ 01 ᠮᠢᠨᠦ᠋ᠲ ᠲᠤ᠂  ᠵᠢᠰᠦᠮᠡᠯ ᠮᠠᠲ᠋ᠧᠷᠢᠶᠠᠯ ᠳᠦᠭᠦᠷᠲᠡᠯ᠎ᠡ ᠠᠴᠢᠶᠠᠯᠠᠭᠰᠠᠨ 1292 ᠤᠳᠠᠭᠠᠨ ᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠤᠯᠤᠰ ᠤᠨ ᠡᠭᠦᠳᠡᠨ ᠳᠤ ᠣᠷᠣᠵᠤ ᠡᠷᠢᠶᠡᠨ ᠥᠷᠲᠡᠭᠡᠨ ᠳᠤ ᠢᠷᠡᠭᠰᠡᠨ ᠨᠢ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ  ᠭᠠᠳᠠᠭᠠᠳᠦ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠨᠢᠳᠤᠨᠤᠨ ᠤ ᠬᠢ ᠠᠴᠠ 37 ᠡᠳᠦᠷ ᠣᠷᠢᠳᠴᠢᠯᠠᠨ᠂ 1400 ᠲᠦᠮᠡᠨ ᠲᠣᠨ ᠪᠣᠭᠤᠮᠲᠠ ᠶᠢ ᠳᠠᠪᠠᠭᠰᠠᠨ ᠪᠠᠶᠢᠨ᠎ᠠ᠃ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠵᠠᠯᠭᠠᠨ ᠳᠡᠭᠡᠭᠡᠪᠣᠷᠢᠯᠡᠵᠦ᠂ 2000 ᠴᠤᠪᠤᠭ᠎ᠠ ᠲᠡᠷᠭᠡ ᠶᠢ ᠳᠠᠪᠠᠵᠤ᠂ ᠴᠥᠮ ᠲᠡᠤᠬᠡ ᠶᠢᠨ ᠠᠳᠠᠯᠢ ᠬᠤᠭᠤᠴᠠᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃
          ᠮᠣᠷᠳᠠᠬᠤ ᠪᠠᠷ ᠪᠠᠶᠢᠭ᠎ᠠ ᠪᠠᠷᠠᠭ᠎ᠠ ᠶᠢᠨ ᠲᠡᠭᠡᠭᠡᠪᠦᠷᠢ ᠶᠢᠨ ᠭᠠᠯᠲᠤ ᠲᠡᠷᠭᠡ        ᠣᠶᠢᠷ᠎ᠠ ᠶᠢᠨ ᠵᠢᠯ ᠳᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠠᠬᠢᠭᠤᠯᠤᠯ ᠳᠣᠤᠷ᠎ᠠ᠂ ᠮᠠᠨ ᠤ ᠤᠯᠤᠰ ᠪᠣᠯᠤᠨ ᠮᠣᠩᠭᠤᠯ ᠤᠯᠤᠰ᠂ ᠣᠷᠣᠰ ᠵᠢᠴᠢ ᠧᠦ᠋ᠷᠣᠫᠠ ᠲᠢᠪ ᠤᠨ ᠤᠯᠤᠰ ᠤᠳ ᠤᠨ ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠢᠯᠠᠩᠭᠤᠶ᠎ᠠ ᠡᠨᠡ ᠵᠢᠯ ᠮᠠᠨ ᠤ ᠤᠯᠤᠰ ᠠᠭᠤᠰᠬᠢᠨ ᠦᠷᠪᠢᠰᠦᠯ ᠤᠨ ᠬᠢᠵᠢᠭ ᠢ ᠠᠷᠭᠠᠴᠠᠭᠠᠬᠤ ᠲᠠᠯ᠎ᠠ ᠪᠠᠷ ᠰᠢᠯᠢᠳᠡᠭ ᠠᠮᠵᠢᠯᠲᠠ ᠣᠯᠵᠦ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠢᠳᠡᠷᠡᠭᠦᠨ ᠳᠣᠷᠪᠢᠲᠠᠶ ᠰᠡᠷᠭᠦᠯᠲᠡ ᠨᠢ ᠳᠡᠯᠡᠬᠡᠶ ᠳ᠋ᠠᠬᠢᠨ ᠳᠤ ᠬᠦᠴᠦᠳᠠᠢ ᠲᠠᠲᠠᠬᠤ ᠬᠦᠴᠦᠨ ᠢ ᠢᠯᠡᠷᠡᠭᠦᠯᠦᠭᠰᠡᠨ ᠪᠠᠶᠢᠨ᠎ᠠ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠤᠯᠤᠰ ᠤᠨ ᠳᠣᠲᠣᠭᠠᠳᠤ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ ᠠᠰᠢᠭ ᠲᠠᠢ ᠪᠠᠶᠢᠳᠠᠯ ᠳᠣᠣᠷ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠡᠬᠡᠬᠡᠪᠣᠷᠢ ᠶᠢᠨ ᠬᠡᠮᠵᠢᠶ᠎ᠡ ᠪᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠤᠭ᠎ᠠ ᠬᠡᠮᠵᠢᠶ᠎ᠡ   ᠨᠢ ᠰᠢᠨ᠎ᠡ ᠨᠡᠮᠡᠭᠳᠡᠯ ᠢ ᠪᠡᠶᠡᠯᠡᠭᠦᠯᠵᠦ ᠂ ᠳᠤᠮᠳᠠᠳᠤ ᠧᠦ᠋ᠷᠣᠫᠠ ᠵᠢᠴᠢ ᠵᠠᠮ ᠳᠠᠭᠠᠤ ᠶᠢᠨ ᠤᠯᠤᠰ ᠤᠳ ᠤᠨ ᠪᠠᠷᠠᠭᠠᠨ ᠤ  ᠬᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠪᠠ ᠡᠳ᠋ ᠪᠣᠳᠠᠰ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ  ᠪᠠᠳᠣᠯᠠᠬᠤ ᠳᠤ ᠴᠢᠬᠤᠯᠠ ᠦᠢᠯᠡᠳᠦᠯ ᠦᠵᠡᠭᠦᠯᠪᠡ᠃ 11 ᠰᠠᠷ᠎ᠠ ᠶᠢᠨ 7 ᠤ ᠡᠳᠦᠷ ᠤᠨ 18 ᠴᠠᠭ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠡᠨᠡ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ 1400.78 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ᠡᠭᠦᠨ ᠳᠤ ᠭᠠᠳᠠᠭᠠᠳᠤ ᠣᠷᠣᠭᠤᠯᠤᠯᠲᠠ 1272.80 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠪᠡ᠃ ᠭᠠᠳᠠᠭᠠᠳᠤ ᠭᠠᠷᠭᠠᠯᠲᠠ 127.98 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠨᠡᠮᠡᠭᠳᠡᠪᠡ︔ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 2006 ᠣᠨ ᠤ ᠭᠠᠯᠲᠤ ᠳᠡᠷᠭᠡ  ᠶᠢ ᠵᠠᠯᠭᠠᠨ ᠲᠡᠭᠡᠭᠡᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 52.8% ᠪᠠᠷ ᠨᠡᠮᠡᠭᠳᠡᠪᠡ᠃ ᠡᠭᠦᠨ ᠳᠤ᠂ 1063 ᠴᠤᠪᠤᠭ᠎ᠠ ᠬᠢᠯᠢ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 54.1% ᠪᠠᠷ ᠨᠡᠮᠡᠭᠳᠡᠪᠡ︔ 943 ᠴᠤᠪᠤᠭ᠎ᠠ ᠬᠢᠯᠢ ᠠᠴᠠ ᠭᠠᠷᠴᠤ᠂ ᠠᠳᠠᠯᠢ ᠬᠤᠭᠤᠴᠠᠭᠠᠨ ᠤ ᠬᠢ ᠠᠴᠠ 51.4% ᠪᠠᠷ ᠨᠡᠮᠡᠭᠳᠡᠪᠡ᠃
      ᠥᠷᠲᠡᠭᠡᠨ ᠠᠴᠠ ᠭᠠᠷᠬᠤ ᠭᠡᠵᠦ  ᠪᠠᠶᠢᠭ᠎ᠠ ᠪᠠᠷᠠᠭ᠎ᠠ ᠲᠡᠭᠡᠭᠡᠪᠦᠷᠢᠯᠡᠬᠦ ᠭᠠᠯᠲᠤ ᠲᠡᠷᠭᠡ       ᠡᠨᠡ ᠵᠢᠯ ᠤᠨ ᠡᠮᠦᠨ᠎ᠡ 10 ᠰᠠᠷ᠎ᠠ ᠳᠤ᠂ ᠡᠷᠢᠶᠡᠨ ᠥᠷᠲᠡᠭᠡ ᠨᠢ ᠵᠠᠮ ᠤᠨ ᠡᠭᠦᠳᠡ ᠶᠢᠨ ᠡᠭᠦᠳᠡ ᠶᠢᠨ ᠴᠢᠭᠯᠡᠯ ᠤᠨ ᠬᠦᠨᠳᠦ ᠲᠡᠷᠭᠡ 4332 ᠴᠤᠪᠤᠭ᠎ᠠ ᠲᠡᠷᠭᠡ ᠶᠢ ᠵᠠᠯᠭᠠᠨ ᠣᠷᠣᠭᠤᠯᠵᠤ᠂ 4453 ᠴᠤᠪᠤᠭ᠎ᠠ ᠬᠤᠭᠤᠰᠣᠨ ᠲᠡᠷᠭᠡ ᠭᠠᠷᠭᠠᠪᠠ᠃ ᠠᠳᠠᠯᠢ ᠬᠤᠭᠤᠴᠠᠭᠠᠨ ᠤ ᠬᠢ ᠠᠴᠠ ᠲᠣᠰ ᠲᠣᠰ 13.3% ᠪᠠ 10.6% ᠨᠡᠮᠡᠭᠳᠡᠪᠡ︔ ᠪᠠᠷᠢᠮᠵᠢᠶᠠᠲᠤ ᠵᠠᠮ ᠤᠨ ᠤᠯᠤᠰ ᠤᠨ ᠳᠣᠲᠣᠭᠠᠳᠤ ᠶᠢᠨ ᠴᠢᠭᠯᠡᠯ ᠪᠣᠯᠤᠨ ᠵᠠᠮ ᠤᠨ ᠡᠭᠦᠳᠡ ᠶᠢᠨ ᠴᠢᠭᠯᠡᠯ ᠳᠤ  ᠳᠣᠰ ᠲᠤᠰ 3234 ᠬᠦᠨᠳᠦ ᠲᠡᠷᠭᠡ ᠪᠣᠯᠤᠨ 1509 ᠴᠤᠪᠤᠭ᠎ᠠ ᠲᠡᠷᠭᠡ ᠶᠠᠪᠤᠭᠤᠯᠵᠠᠶ᠃ ᠠᠳᠠᠯᠢ ᠬᠤᠭᠤᠴᠠᠭᠠᠨ ᠤ ᠬᠢ ᠠᠴᠠ ᠲᠣᠰ ᠲᠣᠰ 15.8% ᠪᠠ 15.7% ᠨᠡᠮᠡᠭᠳᠡᠪᠡ︔ ᠥᠷᠲᠡᠭᠡᠨ ᠲᠣᠭᠤᠷᠢᠭ ᠤᠨ ᠡᠯ᠎ᠡ ᠠᠴᠢᠵᠤ ᠪᠠᠭᠤᠯᠭᠠᠬᠤ ᠨᠢᠭᠡᠴᠡ ᠨᠢ ︽ᠡᠮᠦᠨ᠎ᠡ ᠹᠷᠣᠨᠲ ᠲᠤ ᠣᠯᠠᠨ ᠬᠡᠷᠡᠭᠯᠡᠬᠦ᠂ ᠨᠢᠭᠡ ᠲᠠᠯᠠᠪᠤᠷ ᠲᠤ ᠣᠯᠠᠨ ᠬᠡᠷᠡᠭᠯᠡᠬᠦ ︾ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠣᠷᠢᠵᠢᠭᠤᠯᠵᠦ ᠥᠷᠲᠡᠭᠡ ᠲᠣᠭᠤᠷᠢᠭ ᠤᠨ ᠲᠡᠭᠡᠭᠡᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠶ  ᠲᠦᠯᠦᠪᠯᠡᠵᠦ᠂ ᠪᠠᠷᠠᠭ᠎ᠠ ᠶᠢᠨ ᠪᠠᠶᠢᠷᠢᠰᠢᠯ ᠤᠨ ᠲᠠᠯᠠᠪᠠᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠮᠦᠨ ᠤ ᠬᠦᠴᠦ᠂ ᠮᠠᠰᠢᠨ ᠪᠠᠭᠠᠵᠢ ᠶᠢ ᠵᠣᠬᠢᠰᠲᠠᠶ ᠲᠣᠬᠢᠷᠠᠭᠤᠯᠵᠤ᠂ ᠴᠢᠩᠭᠡᠯᠢᠭ᠂ ᠲᠡᠮᠦᠷ ᠤᠨ ᠬᠦᠳᠡᠷ᠂ ᠨᠡᠬᠦᠷᠡᠰᠦ᠂ ᠮᠣᠳᠣᠨ ᠮᠠᠲ᠋ᠧᠷᠢᠶᠠᠯ ᠵᠡᠷᠭᠡ ᠶᠡᠭᠡ ᠬᠡᠮᠵᠢᠶᠡᠨ ᠤ ᠪᠠᠷᠠᠭ᠎ᠠ ᠠᠴᠢᠶᠠᠯᠠᠵᠤ ᠪᠠᠭᠤᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠥᠷᠭᠡᠨ ᠲᠡᠮᠦᠷ ᠵᠠᠮ ᠤᠨ ᠡᠳᠦᠷ ᠲᠤ ᠳᠤᠮᠳᠠᠴᠢ ᠪᠠᠷ 681 ᠲᠡᠷᠭᠡ ᠪᠠᠭᠤᠯᠭᠠᠵᠤ᠂ ᠲᠣᠭᠲᠠᠭᠰᠠᠨ ᠲᠡᠮᠦᠷ ᠵᠠᠮ ᠤᠨ ᠡᠳᠦᠷ ᠲᠤ ᠳᠤᠮᠳᠠᠴᠢ ᠪᠠᠷ 1143 ᠲᠡᠷᠭᠡ ᠠᠴᠢᠶᠠᠯᠠᠵᠤ᠂  ᠠᠳᠠᠯᠢ ᠬᠤᠭᠤᠴᠠᠭᠠᠨ ᠤ ᠬᠢ ᠠᠴᠠ ᠲᠣᠰ ᠲᠣᠰ 11.5% ᠪᠠ 9.0% ᠨᠡᠮᠡᠭᠳᠡᠪᠡ︔ ᠡᠨᠡ ᠬᠦ ᠰᠠᠭᠤᠷᠢᠨ ᠳᠡᠭᠡᠷ᠎ᠡ᠂ ᠡᠷᠢᠶᠡᠨ ᠥᠷᠲᠡᠭᠡ ᠨᠢ ᠪᠣᠭᠤᠮᠲᠠ᠂ ᠬᠢᠯᠢ ᠶᠢᠨ ᠪᠠᠶᠢᠴᠠᠭᠠᠯᠲᠠ᠂ ᠪᠠᠷᠠᠭ᠎ᠠ ᠣᠷᠣᠯᠠᠬᠤ ᠺᠣᠮᠫᠠᠨᠢ ᠵᠢᠴᠢ ᠮᠣᠩᠭᠤᠯ ᠤᠨ ᠲᠡᠮᠦᠷ ᠵᠠᠮ ᠯᠤᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠦ᠂ ᠪᠠᠷᠠᠭ᠎ᠠ  ᠪᠣᠭᠤᠮᠲᠠ  ᠪᠠᠷ ᠥᠩᠭᠡᠷᠡᠬᠦ᠂ ᠭᠠᠯᠲᠤ ᠲᠡᠷᠭᠡ ᠶᠢ ᠪᠠᠶᠢᠴᠠᠭᠠᠨ ᠰᠢᠯᠭᠠᠬᠤ᠂ ᠲᠡᠷᠭᠡ ᠬᠥᠰᠬᠡ ᠶᠢ ᠲᠤᠰᠢᠶᠠᠬᠤ ᠪᠠ  ᠬᠦᠯᠢᠶᠡᠨ ᠠᠪᠬᠤ᠂ ᠳᠤᠭᠤᠶᠢᠯᠠᠩ ᠪᠠᠶᠢᠭᠤᠯᠬᠤ ᠶᠠᠰᠤ ᠴᠢᠨᠠᠷ᠂ ᠫᠢᠶᠣᠣ ᠪᠠᠷᠢᠮᠲᠠ ᠳᠠᠮᠵᠢᠭᠤᠯᠬᠤ ᠵᠡᠷᠭᠡ ᠲᠠᠯ᠎ᠠ ᠶᠢᠨ ᠤᠶᠠᠯᠳᠤᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠣᠷᠢᠯᠡᠵᠦ᠂ ᠲᠡᠮᠦᠷ ᠵᠠᠮ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠴᠠᠭᠠᠰᠤ ᠦᠭᠡᠶ ᠪᠣᠭᠤᠮᠲᠠ ᠥᠩᠭᠡᠷᠡᠬᠦ ᠪᠠ ᠲᠣᠭᠠᠴᠢᠯᠠᠭᠰᠠᠨ ᠪᠣᠭᠤᠮᠲᠠ ᠶᠢᠨ ᠰᠢᠰᠲ᠋ᠧᠮ ᠢ ᠬᠡᠷᠡᠭᠵᠢᠭᠦᠯᠬᠦ ᠠᠰᠢᠭᠲᠠᠶ ᠲᠣᠬᠢᠶᠠᠯ ᠢ ᠠᠰᠢᠭᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠳᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号