ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ  ᠨᠠᠢᠮᠠᠳᠣᠭᠠᠷ ᠬᠤᠭᠤᠴᠠᠭᠠᠨ ᠤ  ᠳᠥᠷᠪᠡᠳᠦᠭᠡᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020/11/17
      ᠯᠢᠦ ᡁᠢ ᠫᠢᠩ ᠯᠦ ᠪᠦᠦ ᠳ᠋ᠦᠩ ᠠᠭᠤᠯᠠ ᠴᠢᠶᠣᠤ ᠸᠧᠶ ᠭᠦᠸᠧ ᠬᠤᠷᠠᠯ ᠳᠤ ᠣᠷᠣᠯᠴᠠᠪᠠ      ᠯᠢᠶᠠᠩ  ᠲᠢᠶᠧ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠬᠢᠪᠡ      ᠰᠦᠨ ᠰᠢᠶᠠᠩ ᠳ᠋ᠦᠩ ᠶᠡᠭᠡ ᠬᠤᠷᠠᠯ ᠢ ᠡᠷᠭᠢᠯᠡᠵᠡᠶ      ᠵᠤᠤ ᠱᠤᠤ ᠰᠢᠶᠠ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠬᠢᠪᠡ      11 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠤ ᠡᠷᠢᠶᠡᠨ ᠬᠤᠲᠠ ᠶᠢᠨ ᠨᠠᠢᠮᠠᠳᠣᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠨᠠᠮ ᠵᠠᠰᠠᠭ ᠤᠨ  ᠶᠡᠭᠡ ᠠᠰᠠᠷ ᠲᠤ ᠡᠬᠢᠯᠡᠪᠡ᠃ ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠨᠢᠭᠡ  ᠲᠢᠩᠬᠢᠮ ᠳᠤ ᠴᠤᠭᠯᠠᠷᠠᠵᠤ᠂ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ᠂ ᠡᠷᠢᠶᠡᠨ ᠬᠤᠲᠠ ᠶᠢᠨ ᠬᠦᠭᠵᠢᠯᠳᠠ ᠶᠢ ᠲᠦᠷᠭᠡᠳᠬᠡᠬᠦ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ ᠰᠦᠪᠡᠭᠴᠢᠯᠡᠪᠡ᠃
      ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠯᠦ ᠪᠦᠦ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠶᠣᠤ ᠸᠧᠶ ᠭᠦᠸᠧ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠲᠢᠶᠤ ᠶᠢᠨ᠂ ᠮᠠ ᠰᠣ᠋ ᠬᠤᠸᠠ᠂  ᠮᠧᠩ ᠬᠦᠶ ᠶᠢᠩ᠂ ᠰᠦᠨ ᠰᠢᠶᠠᠩ ᠳ᠋ᠦᠩ᠂ ᠵᠣᠣ ᠱᠣᠤ ᠰᠢᠶᠠ᠂ ᠪᠠᠶ   ᠱᠣ᠋ ᠮᠢᠩ᠂  ᠰᠢᠯᠢᠨᠪᠠᠭᠠᠳᠣᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠲᠡᠷᠢᠭᠦᠯᠡᠭᠴᠢ ᠶᠢᠨ ᠲᠠᠶᠢᠰᠠᠨ ᠳᠤ ᠰᠠᠭᠤᠭ᠎ᠠ ᠬᠤᠲᠠ ᠶᠢᠨ ᠤᠳᠤᠷᠢᠳᠤᠯᠭ᠎ᠠ ᠳᠤ ᠪᠠᠰᠠ ᠵᠢᠶᠠ ᠸᠧᠶ ᠳ᠋ᠦᠩ᠂ ᠶᠠᠨ ᠬᠤᠩ᠊᠂ ᠶᠠᠩ ᠶᠢᠨ ᠷᠦᠢ᠂  ᠨᠠᠷᠠᠨᠳᠠᠨ᠎ᠠ᠂ ᠯᠢᠦ ᠴᠠᠩ ᠴᠦᠨ᠂ ᠮᠥᠸᠧ ᠬᠤᠩ ᠵᠢᠶᠦ᠋ᠨ᠂ ᠤᠯᠠᠭᠠᠨ᠂ ᠭᠧᠩ ᡁᠢ ᠵᠢᠶᠦ᠋ᠨ ᠵᠡᠷᠭᠡ ᠪᠣᠶ᠃      ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ  ᠨᠠᠢᠮᠠᠳᠣᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 114 ᠬᠥᠮᠦᠨ᠂ ᠪᠣᠳᠠᠲᠠᠶ 100 ᠨᠡᠷᠡᠰ ᠬᠦᠷᠴᠦ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠦᠳᠡ ᠶᠢᠨ ᠡᠮᠦᠨᠡᠬᠢ 9 ᠴᠠᠭ ᠲᠤ ᠰᠦᠨ ᠰᠢᠶᠠᠩ ᠳ᠋ᠦᠩ ᠶᠡᠭᠡ ᠬᠤᠷᠠᠯ ᠡᠬᠢᠯᠡᠭᠰᠡᠨ ᠢ ᠵᠠᠷᠯᠠᠪᠠ᠂ ᠪᠦᠭᠦᠳᠡᠭᠡᠷ ᠢᠶᠠᠨ ᠪᠣᠰᠴᠤ ᠵᠣᠭᠰᠣᠨ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢ ᠬᠤᠷᠠᠯ ᠤᠨ ᠲᠠᠯᠠᠪᠠᠢ ᠳᠤ ᠳᠠᠭᠤᠯᠠᠪᠠ᠃
     ᠶᠡᠭᠡ ᠬᠤᠷᠠᠯ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ    ᠯᠢᠶᠠᠩ ᠲᠢᠶᠧ ᠶᠢᠨ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠣᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠠᠶ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠣᠷᠢᠵᠢᠭᠤᠯᠵᠦ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠰᠢᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ  ᠦᠢᠯᠡᠴᠢᠯᠡᠬᠦ ᠶᠢ ᠪᠠᠷᠢᠮᠲᠠᠯᠠᠨ᠂ ᠤᠯᠤᠰ ᠲᠥᠷᠥ ᠶᠢᠨ ᠵᠦᠪᠯᠡᠯᠭᠡ ᠶᠢ ᠢᠳᠡᠪᠬᠢᠲᠡᠶ ᠠᠬᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠦ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠡᠶ᠃ ᠤᠯᠤᠰ ᠲᠥᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠴᠢᠷᠮᠠᠶᠢᠯᠭ᠎ᠠ ᠭᠠᠷᠭᠠᠪᠠ᠃    ᠢᠯᠡᠳᠬᠡᠯ ᠨᠢ 3 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠨᠢᠭᠡ ᠳᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠴᠢᠩᠭᠠᠳᠬᠠᠪᠠ︔ ᠬᠤᠶᠠᠷ ᠲᠤ᠂ ᠭᠤᠤᠯ ᠠᠵᠢᠯ ᠲᠠᠢ ᠤᠶᠠᠯᠳᠤᠭᠤᠯᠤᠨ ᠶᠡᠭᠡ ᠲᠠᠯ᠎ᠠ ᠳᠤ ᠦᠢᠯᠡᠴᠢᠯᠡᠵᠦ᠂ ᠰᠠᠨᠠᠯ ᠵᠥᠪᠯᠡᠯᠭᠡ  ᠳᠣᠷᠠᠳᠣᠨ ᠵᠠᠰᠠᠭ ᠲᠤ ᠲᠤᠰᠠᠯᠠᠬᠤ ᠶᠠᠰᠤ ᠴᠢᠨᠠᠷ ᠳᠡᠭᠡᠭᠰᠢᠯᠡᠪᠡ︔ ᠭᠤᠷᠪᠠ ᠳᠤ ᠦᠨᠳᠦᠰᠦ ᠶᠢ ᠪᠠᠲᠤᠳᠬᠠᠨ ᠰᠠᠭᠤᠷᠢ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠲᠦᠷᠦ ᠶᠢᠨ  ᠵᠦᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠪᠠ᠃    ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ 2020 ᠣᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠬᠦᠯᠵᠦ᠂ ᠪᠦᠬᠦ ᠵᠢᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠨᠢ ᠲᠦᠢᠯ ᠤᠨ ᠴᠢᠬᠤᠯᠠ ᠶᠤᠮ᠃ ᠣᠳᠣᠬᠠᠨ ᠳᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠲᠤ ᠰᠠᠶᠢᠨ ᠰᠠᠶᠢᠬᠠᠨ ᠪᠠᠶᠢᠳᠠᠯ ᠲᠤᠯᠭᠠᠷᠠᠵᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠪ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯᠳᠤᠭᠠᠨ ᠢ ᠢᠯᠠᠯᠲᠠ ᠲᠠᠢ ᠪᠠᠷ ᠬᠤᠷᠠᠯᠳᠤᠭᠤᠯᠬᠤ ᠶᠢᠨ ᠬᠠᠮᠲᠤ ︽ᠰᠢᠨ᠎ᠡ ᠴᠠᠭ ᠦᠶ᠎ᠡ ᠳᠤ  ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ  ᠨᠠᠶᠢᠳᠡᠯᠡᠵᠠᠢ᠃  ᠡᠨᠡ ᠨᠢ ᠨᠠᠮ ᠤᠨ ᠲᠡᠤᠬᠡ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠡᠤᠬᠡᠨ ᠳᠡᠭᠡᠷ᠎ᠡ ᠴᠥᠮ ᠨᠢᠭᠡᠳᠦᠭᠡᠷ ᠤᠳᠠᠭ᠎ᠠ ᠪᠣᠯᠣᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ  ᠦᠢᠯᠡᠰ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号