ᠯᠢᠦ ᡁᠢ ᠫᠢᠩ ᠬᠤᠲᠠ ᠶᠢᠨ ᠰᠢᠨ᠎ᠡ ᠳᠢᠳᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 32 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/18
     11 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠬᠤᠳᠠ ᠶᠢᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ 32 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠣᠳᠣᠬᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠵᠠᠳᠠᠯᠪᠠ᠃ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ︽1+8+N︾ ᠲᠥᠰᠦᠯ ᠢ ᠦᠨᠳᠦᠰᠦᠯᠡᠨ᠂ ᠪᠣᠭᠤᠮᠲᠠ ᠶᠢᠨ ᠪᠠᠶᠢᠩᠭᠤᠵᠢᠭᠤᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠳᠠᠬᠢᠨ ᠳᠣᠬᠢᠷᠠᠭᠤᠯᠣᠨ᠂ ᠳᠠᠬᠢᠨ ᠪᠠᠶᠢᠷᠢᠯᠠᠭᠤᠯᠪᠠ᠃     ᠬᠤᠲᠠ ᠶᠢᠨ ᠤᠳᠤᠷᠢᠳᠤᠯᠭ᠎ᠠ ᠯᠦ ᠪᠦᠦ ᠳ᠋ᠦᠩ᠂ ᠶᠠᠩ ᠶᠢᠨ ᠷᠦᠢ᠂ ᠯᠢᠦ ᠴᠠᠩ ᠴᠦᠨ᠂ ᠤᠯᠠᠭᠠᠨ᠂ ᠴᠤᠭ᠂ ᠭᠦᠸᠧ ᠫᠢᠩ ᠸᠠᠩ᠂ ᠵᠠᠩ ᠶᠢᠩ ᠵᠢᠶᠧ ᠬᠤᠷᠠᠯ ᠳᠤ ᠣᠷᠣᠯᠴᠠᠪᠠ᠃
 
                      ᠬᠤᠷᠠᠯ ᠤᠨ ᠠᠬᠤᠶ ᠲᠠᠯᠠᠪᠠᠶ      ᠯᠢᠦ ᡁᠢ ᠫᠢᠩ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ  ᠬᠦᠢᠴᠡᠳ ᠲᠠᠨᠢᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠬᠦ᠂ ᠴᠢᠳᠠᠪᠤᠷᠢ ᠶᠢ ᠳᠡᠭᠡᠭᠰᠢᠯᠡᠭᠦᠯᠬᠦ᠂ ᠰᠡᠷᠭᠡᠶᠢᠯᠡᠨ ᠡᠵᠡᠮᠳᠡᠬᠦ ᠪᠡᠯᠡᠳᠬᠡᠯ ᠳᠡᠭᠡᠷ᠎ᠡ ᠬᠦᠴᠦ ᠣᠷᠣᠭᠤᠯᠵᠤ᠂ ︽ᠭᠠᠳᠠᠭᠠᠳᠤ ᠠᠴᠠ  ᠣᠷᠣᠬᠤ ᠶᠢ ᠰᠡᠷᠬᠡᠶᠢᠯᠡᠨ᠂ ᠳᠣᠳᠣᠭᠠᠳᠦ ᠪᠠᠨ ᠳᠠᠬᠢᠨ ᠡᠬᠦᠰᠬᠦ ᠶᠢ ᠰᠡᠷᠬᠡᠶᠢᠯᠡᠬᠦ︾ ᠶᠢ ᠱᠠᠯᠠᠪᠳᠠᠨ ᠪᠣᠳᠠᠲᠠᠶ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠰᠠᠶᠢᠲᠤᠷ ᠰᠠᠬᠢᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨ ᠬᠦ ᠰᠠᠶᠢᠲᠤᠷ ᠬᠠᠮᠠᠭᠠᠯᠠᠨ᠎ᠠ᠃     ᠯᠢᠦ ᡁᠢ ᠫᠢᠩ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂  ︽ ᠳᠦᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠠᠶ᠃ ︽ᠬᠥᠮᠦᠨ ᠪᠠᠷᠠᠭ᠎ᠠ ᠶᠢ ᠬᠠᠮᠲᠤ ᠪᠠᠷ ᠰᠡᠷᠭᠡᠶᠢᠯᠡᠬᠦ︾ ᠶᠢ ᠪᠠᠷᠢᠮᠲᠠᠯᠠᠵᠤ᠂ ᠡᠪᠦᠯ ᠤᠨ ᠤᠯᠠᠷᠢᠯ ᠤᠨ ᠰᠢᠨ᠎ᠡ ᠲᠢᠲᠢᠮ  ᠠᠭᠤᠰᠬᠢᠨ ᠤ ᠦᠷᠪᠢᠰᠦᠯ ᠂ ᠬᠤᠯᠤᠭᠠᠨ᠎ᠠ ᠶᠢᠨ ᠬᠢᠵᠢᠭ ᠪᠠ ᠡᠪᠦᠯ ᠤᠨ ᠤᠯᠠᠷᠢᠯ ᠤᠨ ᠬᠠᠯᠳᠠᠪᠤᠷᠢᠲᠤ ᠴᠢᠨᠠᠷᠲᠠᠶ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ︔ ᠠᠵᠢᠯᠲᠠᠨ ᠤ ᠪᠣᠭᠤᠮᠲᠠ ᠶᠢ ᠰᠠᠶᠢᠲᠤᠷ ᠡᠵᠡᠮᠳᠡᠵᠦ᠂ ᠪᠣᠭᠤᠮᠲᠠ ᠶᠢᠨ ᠬᠠᠮᠢᠶᠠᠷᠤᠨ ᠡᠵᠡᠮᠳᠡᠬᠦ ᠪᠠᠭᠤᠷᠠᠶ ᠴᠡᠭ ᠢ ᠤᠯᠠᠮ ᠨᠢᠭᠡ ᠠᠯᠬᠤᠮ  ᠡᠮᠬᠢᠳᠬᠡᠵᠦ᠂ ᠬᠢᠯᠢ ᠪᠠᠷ  ᠣᠷᠣᠭᠤᠯᠵᠦ ᠭᠠᠷᠭᠠᠬᠤ ᠬᠥᠮᠦᠰ᠂ ᠲᠡᠷᠭᠡ ᠬᠥᠰᠬᠡ ᠶᠢ ᠬᠢᠨᠠᠨ ᠪᠠᠶᠢᠴᠠᠭᠠᠬᠤ ᠡᠷᠴᠢᠮ ᠢᠶᠠᠨ ᠳᠡᠭᠡᠭᠰᠢᠯᠡᠭᠦᠯᠵᠦ᠂ ᠬᠢᠯᠢ ᠶᠢᠨ ᠭᠠᠳᠠᠨᠠᠬᠢ ᠬᠥᠮᠦᠰ ᠤᠨ ᠬᠢᠵᠢᠭ  ᠳᠠᠭᠠᠭᠤᠯᠵᠦ ᠬᠢᠯᠢ ᠳᠤ ᠣᠷᠣᠬᠤ ᠶᠢ ᠪᠥᠬᠦ ᠬᠦᠴᠦᠨ ᠢᠶᠠᠷ ᠢᠶᠠᠨ  ᠰᠡᠷᠬᠡᠶᠢᠯᠡᠬᠦ ᠬᠡᠷᠡᠭᠲᠡᠶ︔ ᠡᠮᠴᠢᠯᠡᠭᠡᠨ ᠤ ᠪᠠᠶᠢᠭᠤᠯᠤᠮᠵᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠴᠠᠭ ᠢᠮᠠᠭᠲᠠ ᠰᠣᠨᠣᠷ ᠰᠡᠷᠡᠮᠵᠢ ᠪᠠᠨ ᠪᠠᠲᠤᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠨᠡᠯᠭᠡ ᠶᠢᠨ  ᠬᠤᠷᠢᠶᠠᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠴᠤᠭᠯᠠᠷᠠᠯ ᠤᠨ ᠴᠢᠨᠠᠷᠲᠠᠶ ᠬᠠᠯᠳᠠᠪᠤᠷᠢᠯᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠢᠳᠡᠭᠡᠨ ᠤ ᠰᠢᠨ᠎ᠡ ᠲᠢᠲᠢᠮ ᠤᠨ ᠸᠢᠷᠦ᠋ᠰ ᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠵᠦ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠴᠤᠪᠤᠷᠠᠯ ᠤᠨ ᠪᠢᠲᠡᠭᠦᠤ ᠴᠠᠭᠠᠷᠢᠭ ᠢᠶᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠂ ᠰᠢᠨ᠎ᠡ ᠲᠢᠲᠢᠮ ᠲᠠᠢ ᠸᠢᠷᠦ᠋ᠰ ᠤᠨ  ᠬᠦᠢᠳᠡᠨ ᠢᠳᠡᠭᠡᠨ ᠢᠶᠠᠷ  ᠳᠠᠮᠵᠢᠨ ᠣᠷᠣᠬᠤ ᠲᠦᠭᠰᠢᠬᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ︔ ᠠᠮᠠᠪᠴᠢ᠂ ᠠᠷᠢᠭᠤᠳᠬᠠᠬᠤ ᠰᠢᠩᠭᠡᠨ᠂ ᠰᠡᠷᠭᠡᠶᠢᠯᠡᠨ ᠬᠠᠮᠠᠭᠠᠯᠠᠬᠤ ᠬᠤᠪᠴᠠᠰᠤ ᠵᠡᠷᠭᠡ ᠪᠠᠴᠢᠮ ᠪᠠᠶᠢᠳᠠᠯ ᠢ  ᠠᠷᠭᠠᠴᠠᠬᠤ ᠡᠳ᠋ ᠪᠣᠳᠠᠰ ᠤᠨ ᠨᠥᠭᠡᠴᠡ ᠶᠢ ᠴᠢᠩᠭᠠᠳᠬᠠᠵᠤ᠂ ᠬᠢᠵᠢᠭ ᠡᠭᠦᠰᠬᠦ  ᠦᠶ᠎ᠡ ᠳᠤ ︽ᠬᠡᠷᠡᠭᠯᠡᠵᠦ  ᠳᠡᠶᠢᠯᠬᠦ︾ ᠶᠢ ᠪᠠᠲᠤᠯᠠᠵᠤ᠂ ᠪᠦᠬᠦ ᠬᠤᠲᠠ ᠶᠢᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃        ᠯᠦ ᠪᠦᠦ ᠳ᠋ᠦᠩ᠄ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠨᠤᠭᠤᠳ ᠴᠠᠭ ᠢᠮᠠᠭᠲᠠ ︽ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠣᠯᠳᠠ︾ ᠭᠡᠬᠦ ᠡᠨᠡ ᠬᠦ ᠬᠥᠪᠴᠢ ᠪᠠᠨ ᠰᠤᠯᠠᠷᠠᠭᠤᠯᠤᠯ ᠦᠭᠡᠶ ᠴᠢᠩᠭᠠᠯᠠᠵᠤ ᠂ ︽ᠬᠥᠮᠦᠨ ᠬᠠᠮᠲᠤ ᠪᠠᠷ ᠰᠡᠷᠬᠡᠶᠢᠯᠡᠬᠦ︾ ᠶᠢ ᠪᠠᠷᠢᠮᠲᠠᠯᠠᠬᠤ ᠬᠡᠷᠡᠭᠲᠡᠶ᠃ ᠪᠣᠭᠤᠮᠲᠠ ᠶᠢᠨ ᠪᠢᠲᠡᠭᠦᠤ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠤᠨ ᠡᠯ᠎ᠡ  ᠵᠦᠢᠯ  ᠤᠨ ᠬᠡᠪᠰᠢᠭᠰᠡᠨ  ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ᠂ ᠴᠠᠭ ᠲᠤᠬᠠᠶ ᠳᠤᠨᠢ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠬᠤ ᠪᠠ ᠡᠮᠴᠢᠯᠡᠵᠦ ᠠᠪᠤᠷᠠᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ  ᠰᠡᠷᠬᠡᠶᠢᠯᠡᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠣᠲᠣ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠶᠢ ᠳᠣᠪᠤᠶᠢᠯᠭᠠᠵᠤ᠂ ᠡᠮᠴᠢᠯᠡᠭᠡᠨ ᠤ ᠠᠪᠤᠷᠠᠨ ᠵᠠᠰᠠᠬᠤ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠰᠬᠠᠶ ᠠᠵᠢᠯ ᠤᠨ ᠬᠢᠨᠠᠨ ᠵᠢᠯᠣᠭᠤᠳᠬᠤ ᠦᠶ᠋ᠯᠡᠳᠦᠯ ᠢ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢ ᠪᠠᠭᠤᠷᠠᠭᠤᠯᠤᠨ᠎ᠠ︔ ᠡᠯ᠎ᠡ  ᠵᠦᠢᠯ  ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠲᠣᠭᠲᠠᠭᠠᠵᠤ᠂ ᠪᠥᠬᠦ ᠠᠵᠢᠯᠲ ᠠᠨ ᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠬᠦ ᠪᠡᠯᠡᠳᠬᠡᠯ ᠠᠵᠢᠯ ᠢ ᠰᠠᠶᠢᠲᠤᠷ ᠬᠢᠨ᠎ᠠ︔ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠡᠷᠭᠡᠶᠢᠯᠡᠨ ᠡᠵ ᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠳᠣᠭᠳᠠᠴᠠ ᠶᠢᠨ ᠰᠢᠮᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ  ᠪᠠᠶᠢᠳᠠᠯ ᠵᠢᠴᠢ ᠮᠠᠨ ᠤ ᠬᠤᠲᠠ ᠶᠢᠨ ᠲᠤᠰᠬᠠᠶ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ᠂ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂  ᠣᠬᠠᠭᠤᠯᠭ᠎ᠠ ᠶᠠᠷᠢᠶ᠎ᠠ ᠬᠡᠯᠡᠯᠴᠡᠭᠡᠨ ᠤ ᠳᠤᠭᠤᠶᠢᠯᠠᠩ᠂ ᠭᠠᠳᠠᠭᠠᠳᠤ ᠳᠤ ᠬᠤᠯᠪᠣᠭᠳᠠᠬᠤ ᠠᠵᠢᠯ ᠤᠨ ᠳᠤᠭᠤᠶᠢᠯᠠᠩ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠵᠡᠷᠭᠡ ᠳᠣᠰᠬᠠᠢ ᠵᠦᠢᠯ  ᠤᠨ ᠳᠤᠭᠤᠶᠢᠯᠠᠩ ᠠᠴᠠ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号