ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2020/11/18
                      ᠶᠡᠭᠡ ᠬᠤᠷᠠᠯ ᠤᠨ ᠠᠬᠤᠢ ᠲᠠᠯᠠᠪᠠᠢ
        ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠳᠠᠭᠤᠯᠠᠨ᠎ᠠ      11 ᠰᠠᠷ᠎ᠠ ᠶᠢᠨ 17 ᠤ ᠡᠳᠦᠷ᠂ ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠬᠤᠲᠠ ᠶᠢᠨ ᠡᠯ᠎ᠡ ᠹᠷᠣᠨᠲ ᠠᠴᠠ ᠢᠷᠡᠭᠰᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠬᠤᠲᠠ ᠶᠢᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠪᠡᠳᠡᠭᠰᠢ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠲᠠᠷᠬᠠᠨ ᠡᠷᠬᠡ ᠲᠤᠰᠢᠶᠠᠯ ᠢᠶᠠᠨ ᠬᠦᠢᠴᠡᠳᠬᠡᠨ᠎ᠡ᠃      ᠲᠣᠰ ᠤᠳᠠᠭᠠᠨ ᠤ ᠬᠤᠷᠠᠯ ᠤᠨ ᠭᠦᠶ᠋ᠴᠡᠳᠬᠡᠬᠦ ᠲᠡᠷᠢᠭᠦᠯᠡᠭᠴᠢ ᠯᠢᠦ ᡁᠢ ᠫᠢᠩ᠂ ᠯᠦ ᠪᠦᠦ ᠳ᠋ᠦᠩ᠂ ᠠᠭᠤᠯᠠ᠂ ᠴᠢᠶᠣᠤ ᠸᠧᠶ ᠭᠦᠸᠧ᠂ ᠶᠠᠨ ᠬᠤᠩ᠂ ᠶᠠᠩ ᠶᠢᠨ ᠷᠦᠢ᠂ ᠯᠢᠦ ᠴᠠᠩ ᠴᠦᠨ᠂ ᠯᠢᠦ ᠱᠢ ᠱᠧᠩ᠂ ᠪᠦᠦ ᠵᠢᠶᠠᠨ ᠢ  ᠳᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠲᠡᠷᠢᠭᠦᠯᠡᠭᠴᠢ ᠶᠢᠨ ᠲᠠᠶᠢᠰᠠᠨ ᠳᠤ ᠰᠠᠭᠤᠭᠰᠠᠳ ᠲᠤ ᠪᠠᠰᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷ ᠢᠯᠳᠦᠬᠦᠨ ᠵᠢᠶᠠ ᠸᠧᠶ ᠳ᠋ᠦᠩ᠂  ᠨᠠᠷᠠᠨᠳᠠᠨ᠎ᠠ᠂ ᠮᠦᠤᠤ ᠬᠤᠩ ᠵᠢᠶᠦ᠋ᠨ᠂ ᠤᠯᠠᠭᠠᠨ᠂ ᠭᠧᠩ ᡁᠢ ᠵᠢᠶᠦ᠋ᠨ᠂ ᠷᠧᠨ ᠵᠢᠶᠠᠨ ᠯᠦ᠂ ᠳ᠋ᠦᠩ ᠵᠢᠶᠧ ᠹᠧᠩ᠂ ᠸᠠᠩ ᠵᠢᠩ᠂ ᠸᠠᠩ ᠠᠶ ᠮᠢᠩ᠂ ᠮᠦᠩᠬᠡᠸ᠋ᠴᠢᠷ ᠵᠡᠷᠭᠡ ᠪᠣᠶ᠃     ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 113 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 99 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠦᠳᠡ ᠶᠢᠨ ᠡᠮᠦᠨᠡᠬᠢ 9 ᠴᠠᠭ ᠲᠤ᠂ ᠬᠤᠷᠠᠯ ᠤᠨ ᠬᠦᠢᠴᠡᠳᠬᠡᠬᠦ ᠲᠡᠷᠢᠭᠦᠯᠡᠭᠴᠢ ᠠᠭᠤᠯᠠ ᠬᠤᠷᠠᠯ ᠡᠬᠢᠯᠡᠭᠰᠡᠨ ᠢ ᠵᠠᠷᠯᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠦᠭᠦᠳᠡᠭᠡᠷ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ  ᠬᠦᠭᠵᠢᠮᠳᠡᠨ ᠳᠠᠭᠤᠯᠠᠪᠠ᠃      ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠢᠯᠡᠳᠬᠡᠯ ᠬᠢᠪᠡ᠃ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠭᠠᠷᠤᠶ ᠶᠢᠨ ᠲᠤᠷᠰᠢ᠂ ᠬᠦᠨᠳᠦ ᠬᠡᠴᠡᠭᠦᠤ ᠪᠠᠶᠢᠳᠠᠯ ᠪᠣᠯᠤᠨ ᠬᠦᠨᠳᠦ ᠡᠭᠦᠷᠭᠡ ᠶᠢᠨ ᠡᠮᠦᠨ᠎ᠡ᠂ ᠳᠡᠬᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ  ᠳᠡᠮᠵᠢᠯᠭᠡ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ  ᠳᠠᠭᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ  ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ  ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠣᠨᠴᠠᠭᠠᠶᠢᠯᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠬᠤ᠂ ᠪᠣᠭᠤᠮᠲᠠ ᠶᠢᠨ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ 2019 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3.5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 8.9% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠤᠨ ᠡᠬᠢᠨ ᠤ ᠲᠥᠰᠦᠪ ᠤᠨ 109.1% ᠶᠢ ᠪᠡᠶᠡᠯᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.6% ᠪᠠᠷ  ᠨᠡᠮᠡᠭᠳᠡᠪᠡ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠢ ᠠᠬᠢᠵᠤ᠂ ᠤᠨᠴᠠᠯᠢᠬᠳᠤ ᠠᠵᠤ ᠦᠢᠯᠡᠰ   ᠤᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠪᠰᠢᠨ ᠦᠷᠬᠦᠯᠵᠢᠯᠡᠨ ᠳᠡᠭᠡᠭᠰᠢᠯᠡᠵᠦ᠂ ᠬᠤᠲᠠ ᠬᠥᠳᠡᠭᠡ ᠶᠢᠨ ᠴᠢᠳᠠᠪᠬᠢ ᠡᠳᠦᠷ ᠢᠷᠡᠬᠦᠶ᠎ᠡ ᠲᠡᠭᠦᠯᠳᠡᠷᠵᠢᠵᠦ᠂ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠲᠠᠰᠤᠷᠠᠯᠲᠠ ᠦᠭᠡᠢ ᠰᠢᠯᠢᠳᠡᠭᠵᠢᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠵᠦ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠢᠯᠡᠳᠲᠡ ᠴᠢᠩᠭᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠪᠡ᠃      ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠬᠦ ᠲᠠᠯ᠎ᠠ ᠪᠠᠷ ᠠᠷᠭᠠᠴᠠᠭᠠᠵᠤ᠂ ᠠᠵᠤ ᠠᠬᠤᠶ ᠬᠦᠴᠢᠷ ᠢ ᠲᠤᠭᠤᠯᠤᠭᠰᠠᠨ ᠶᠡᠭᠡ ᠰᠢᠯᠭᠠᠯᠲᠠ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠵᠠᠩᠭᠢᠯᠠᠭ᠎ᠠ ᠨᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ ᠣᠨᠴᠠᠭᠠᠶᠢᠯᠠᠨ ᠬᠤᠲᠠ ᠶᠢᠨ ᠨᠠᠮ ᠤᠨ ᠬᠤᠷᠢᠶᠠᠨ ᠤ  ᠰᠢᠢᠳᠪᠣᠷᠢᠳᠦ ᠪᠣᠳᠣᠯᠭ᠎ᠠ ᠶᠢ ᠭᠤᠶᠢᠪᠢᠰᠢ ᠦᠭᠡᠶ ᠪᠠᠷ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠠᠶ᠃ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠨᠢᠭᠡᠳᠦᠭᠡᠷ ᠬᠥᠭᠡᠭᠡᠴᠡᠯᠳᠦᠯ ᠪᠣᠯᠭᠠᠵᠤ ᠂ ᠬᠦᠴᠢᠷ ᠪᠡᠷᠬᠡᠰᠢᠶᠡᠯ  ᠳᠤ ᠰᠢᠭᠤᠳ ᠬᠠᠨᠳᠤᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠦᠢᠯᠡᠰ ᠪᠦᠲᠦᠭᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ᠂ ᠪᠣᠳᠠᠲᠠᠶ ᠠᠵᠢᠯ ᠤᠨ ᠳᠤᠮᠳᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠵᠠᠰᠠᠭ ᠤᠨ  ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ᠂ ᠪᠣᠳᠠᠲᠠᠶ ᠶᠢ ᠡᠷᠬᠢᠮᠯᠡᠬᠦ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠪᠠ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠶᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ ᠬᠤᠲᠠ ᠶᠢᠨ ᠵᠠᠰᠠᠭ ᠤᠨ ᠣᠷᠳᠣᠨ ᠪᠠᠰᠠ ᠭᠤᠷᠪᠠᠨ ᠶᠡᠭᠡ ᠪᠣᠭᠤᠮᠲᠠ ᠰᠢᠪᠲᠤᠯᠬᠤ  ᠳᠠᠶᠢᠯᠠᠯᠳᠣᠭᠠᠨ ᠤ ᠢᠯᠠᠯᠲᠠ ᠶᠢ ᠡᠷᠡᠰ ᠲᠡᠮᠡᠴᠡᠨ ᠤᠯᠬᠤ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠬᠦᠴᠦᠯᠡᠨ  ᠳᠡᠭᠡᠭᠰᠢᠯᠡᠬᠦᠯᠬᠦ᠂ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠶᠡᠬᠡᠪᠡᠷ ᠠᠬᠢᠭᠤᠯᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ᠂  ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠬᠦᠴᠦᠯᠡᠬᠦ ᠪᠣᠯᠤᠨ᠎ᠠ᠃       ᠶᠡᠭᠡ ᠬᠤᠷᠠᠯ ᠠᠴᠠ ᠪᠠᠰᠠ ᠵᠠᠰᠠᠭ ᠤᠨ ᠣᠷᠳᠣᠨ ᠤ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃      ᠲᠤᠰ ᠤᠳᠠᠭᠠᠨ ᠤ ᠬᠤᠷᠠᠯᠳᠤᠭᠠᠨ ᠳᠤ ᠰᠤᠯᠠ ᠣᠷᠣᠯᠴᠠᠭᠰᠠᠳ ᠲᠤ ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ   ᠠᠴᠠ ᠭᠠᠳᠠᠨ᠎ᠠ᠂ ᠪᠠᠰᠠ ᠡᠷᠢᠶᠡᠨ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠭᠰᠠᠨ ᠰᠤᠯᠠ ᠣᠷᠣᠯᠴᠠᠭᠰᠠᠳ ᠪᠠ ᠤᠯᠤᠰ ᠲᠦᠷᠦ ᠶᠢᠨ ᠵᠦᠪᠯᠡᠯᠭᠡᠨ ᠤ  ᠨᠠᠢᠮᠠᠳᠣᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠭᠡᠰᠢᠭᠦᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号