ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2020/11/19
ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ         ᠰᠡᠳᠦᠪ᠄ ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠲᠤᠬᠠᠢ ᠲᠠᠶᠢᠯᠤᠮᠵᠢ                  ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠵᠦᠸᠧ ᠯᠦᠨ                                                 ᠢᠦᠢ ᠵᠢᠶᠠ ᠰᠢᠨ    ᠵᠧᠩ ᠮᠢᠩ ᠳ᠋ᠡ          11 ᠳ᠋ᠦ᠋ᠭᠡᠷ ᠰᠠᠷ᠎ᠠ ᠶᠢᠨ 15 ᠤ ᠡᠳᠦᠷ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠲᠣᠭᠲᠠᠪᠠ᠃ 8 ᠵᠢᠯ ᠤᠨ ᠬᠡᠯᠡᠯᠴᠡᠭᠡ ᠪᠠᠷ ᠳᠠᠮᠵᠢᠨ᠂ ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠦᠭᠡᠲᠦ ᠠᠷᠠᠯᠵᠢᠶᠠᠨ ᠤ ᠣᠷᠣᠨ ᠡᠴᠦᠰ ᠲᠤ ᠪᠠᠨ ᠮᠡᠨᠳᠦᠯᠡᠭᠰᠡᠨ ᠢᠶᠠᠨ ᠲᠤᠩᠬᠠᠭᠯᠠᠵᠤ᠂ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃      ᠬᠠᠮᠤᠷᠬᠤ ᠬᠥᠮᠦᠨ ᠠᠮᠠ ᠶᠢᠨ ᠲᠤᠭ᠎ᠠ ᠬᠠᠮᠤᠭ ᠤᠨ ᠣᠯᠠᠨ᠂ ᠪᠦᠷᠢᠯᠳᠦᠬᠦᠨ ᠤ ᠪᠦᠲᠦᠴᠡ ᠬᠠᠮᠤᠭ ᠤᠨ ᠣᠯᠠᠨ ᠡᠰᠢᠵᠢᠭᠰᠡᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠬᠠᠮᠤᠭ ᠤᠨ ᠶᠡᠭᠡ ᠁ RCEP ᠲᠤ ᠭᠠᠷ ᠤᠨ ᠦᠰᠦᠭ ᠵᠢᠷᠤᠭᠰᠠᠨ ᠨᠢ᠂ ᠭᠠᠵᠠᠷ ᠣᠷᠣᠨ᠂ ᠳᠡᠯᠡᠬᠡᠢ᠂ ᠳᠤᠮᠳᠠᠳᠤ ᠤᠯᠤᠰ ᠲᠤ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠤᠢ
             ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ            ᠡᠨᠡ ᠤᠳᠠᠭ᠎ᠠ RCEP ᠲᠤ ᠭᠠᠷ ᠤᠨ ᠦᠰᠦᠭ ᠵᠢᠷᠤᠭᠰᠠᠨ ᠪᠦᠷᠢᠯᠳᠦᠬᠦᠨ ᠤᠯᠤᠰ ᠨᠡᠶᠢᠲᠡ 15 ᠪᠣᠢ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 10 ᠤᠯᠤᠰ ᠪᠣᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ ᠤᠯᠤᠰ ᠢ ᠪᠠᠭᠲᠠᠭᠠᠵᠠᠢ᠂ ᠪᠦᠬᠦ ᠬᠥᠮᠦᠨ ᠠᠮᠠ 22.7 ᠳ᠋ᠦᠩᠰᠢᠭᠤᠷ ᠲᠤ ᠬᠦᠷᠴᠦ᠂ GDP ᠨᠢ 26 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠭᠠᠳᠠᠭᠠᠳᠤ ᠭᠠᠷᠭᠠᠯᠲᠠ ᠶᠢᠨ ᠶᠡᠷᠦᠩᠬᠡᠢ ᠵᠣᠭᠤᠰ ᠤᠨ ᠲᠤᠭ᠎ᠠ 5.2 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠴᠥᠮ ᠪᠦᠬᠦ ᠪᠥᠮᠪᠥᠷᠴᠡᠭ ᠤᠨ ᠶᠡᠷᠦᠩᠬᠡᠶ ᠬᠡᠮᠵᠢᠶᠡᠨ ᠤ ᠪᠠᠷᠤᠭ 30% ᠶᠢ ᠡᠵᠡᠯᠡᠵᠡᠢ᠃ RCEP ᠴᠢᠯᠥᠭᠡᠲᠦ ᠠᠷᠠᠯᠵᠢᠶᠠᠨ ᠤ ᠣᠷᠣᠨ ᠪᠠᠶᠢᠭᠤᠯᠤᠭᠳᠠᠭᠰᠠᠨ ᠨᠢ ᠪᠦᠬᠦ ᠪᠥᠮᠪᠥᠷᠴᠡᠭ ᠤᠨ ᠪᠠᠷᠤᠭ ᠭᠤᠷᠪᠠᠨ ᠤ ᠨᠢᠭᠡ ᠬᠤᠪᠢ ᠶᠢᠨ ᠠᠵᠤ  ᠠᠬᠤᠢ  ᠶᠢᠨ ᠪᠠᠭᠲᠠᠭᠠᠮᠵᠢ ᠨᠢᠭᠡ ᠴᠣᠭᠴᠠᠵᠢᠭᠰᠠᠨ ᠲᠣᠮᠣ ᠵᠠᠬ᠎ᠠ ᠳᠡᠯᠭᠡᠭᠦᠷ ᠪᠣᠯᠵᠤ ᠪᠦᠷᠢᠯᠳᠦᠭᠰᠡᠨ  ᠢ  ᠬᠠᠷᠠᠭᠤᠯᠵᠤ ᠪᠠᠶᠢᠨ᠎ᠠ᠃             ᠡᠶᠢᠮᠦᠷᠬᠦᠤ ᠲᠣᠮᠣ ᠵᠠᠬ᠎ᠠ ᠳᠡᠯᠭᠡᠭᠦᠷ ᠬᠢᠯᠪᠠᠷ ᠪᠤᠰᠤ ᠪᠠᠷ ᠢᠷᠡᠭᠰᠡᠨ ᠶᠤᠮ — RCEP ᠢ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ 2012 ᠣᠨ ᠳᠤ ᠡᠭᠦᠰᠬᠡᠵᠦ᠂ 8 ᠵᠢᠯ ᠤᠨ ᠬᠤᠭᠤᠴᠠᠭᠠᠨ ᠳᠤ 31 ᠡᠭᠡᠯᠵᠢ ᠶᠢᠨ ᠵᠢᠩᠬᠢᠨᠢ ᠬᠡᠯᠡᠯᠴᠡᠭᠡ ᠪᠠᠷ ᠳᠠᠮᠵᠢᠨ᠂ ᠢᠯᠠᠩᠭᠤᠶ᠎ᠠ ᠡᠨᠡ ᠵᠢᠯ ᠠᠴᠠ ᠨᠠᠭᠠᠰᠢ᠂ ᠡᠯ᠎ᠡ ᠪᠦᠷᠢᠯᠳᠦᠬᠦᠨ ᠤᠯᠤᠰ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠯᠤᠲᠤ ᠶᠡᠭᠡ ᠬᠦᠴᠢᠷᠳᠡᠯ ᠢ ᠢᠯᠠᠨ ᠳᠠᠪᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠪᠦᠭᠡᠳ 1.4 ᠲᠦᠮᠡ ᠭᠠᠷᠤᠶ ᠬᠠᠭᠤᠳᠠᠰᠤ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠪᠠᠷ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠡᠴᠦᠰ ᠲᠤ ᠪᠠᠨ ᠳᠥᠷᠪᠡᠳᠦᠭᠡᠷ ᠤᠳᠠᠭᠠᠨ ᠤ ᠤᠳᠤᠷᠢᠳᠬᠤ  ᠬᠥᠮᠦᠰ  ᠤᠨ  ᠬᠤᠷᠠᠯᠳᠤᠭᠠᠨ ᠤ ᠬᠤᠭᠤᠴᠠᠭᠠᠨ ᠳᠤ ᠲᠣᠭᠲᠠᠭᠰᠠᠨ ᠴᠠᠭ  ᠶᠣᠰᠣᠭᠠᠷ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠨᠢ ᠵᠡᠭᠦᠨ ᠠᠽᠢᠶ᠎ᠠ ᠶᠢᠨ ᠠᠵᠤ ᠠᠬᠤᠶ ᠶᠢᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢᠨ 20 ᠰᠢᠬᠠᠮ ᠵᠢᠯ ᠤᠨ ᠲᠤᠷᠰᠢᠬᠢ ᠬᠠᠮᠤᠭ ᠤᠨ ᠴᠢᠬᠤᠯᠠ ᠦᠷ᠎ᠡ ᠪᠦᠲᠦᠭᠡᠯ ᠪᠣᠯᠤᠭᠰᠠᠨ ᠪᠠᠶᠢᠨ᠎ᠠ᠃           ᠣᠶᠢᠯᠠᠭᠠᠭᠰᠠᠨ ᠢᠶᠠᠷ᠂ RCEP ᠨᠢ 15 ᠪᠦᠷᠢᠯᠳᠦᠬᠦᠨ ᠤᠯᠤᠰ ᠴᠥᠮ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ᠂ ᠪᠠᠷᠢᠮᠵᠢᠶᠠᠲᠤ ᠬᠤᠷᠢᠭ᠎ᠠ ᠶᠢ ᠪᠠᠭᠠᠰᠬᠠᠬᠤ ᠪᠠᠷ ᠠᠮᠠᠯᠳᠠᠬᠤ ᠶᠢ ᠱᠠᠭᠠᠷᠳᠠᠪᠠ᠃ ᠺᠣᠷᠢᠶᠠ ᠶᠢᠨ ᠵᠠᠭᠤᠴᠢᠯᠠᠭᠤᠷ ᠤᠨ ᠵᠢᠱᠢᠭᠰᠡᠨ ᠢᠶᠠᠷ᠂ RCEP ᠬᠦᠴᠦᠨ ᠲᠠᠢ ᠪᠣᠯᠤᠭᠰᠠᠨ ᠤ ᠳᠠᠷᠠᠭ᠎ᠠ᠂ ᠺᠣᠷᠢᠶᠠ ᠶᠢᠨ ᠢᠨᠳᠣᠨᠧᠰᠢᠶ᠎ᠠ ᠳᠤ ᠭᠠᠷᠭᠠᠬᠤ ᠮᠠᠰᠢᠨ ᠲᠡᠷᠭᠡᠨ ᠤ ᠰᠡᠯᠪᠢᠭ ᠲᠣᠨᠤᠭ ᠤᠨ ᠪᠣᠭᠤᠮᠲᠠ ᠶᠢᠨ ᠭᠠᠶᠢᠯᠢ ᠨᠢ ᠣᠳᠣᠬᠠᠨ ᠤ 40%  ᠠᠴᠠ ᠳᠣᠷᠣᠭᠰᠢᠯᠠᠭᠠᠳ ᠲᠡᠭ ᠪᠣᠯᠬᠤ ᠪᠣᠯᠤᠮᠵᠢ ᠲᠠᠢ ᠪᠠᠶᠢᠨ᠎ᠠ᠃
     ᠳᠤᠮᠳᠠᠳᠤ ᠤᠯᠤᠰ ᠤᠨ ᠤᠯᠠᠨ ᠤᠯᠤᠰ ᠤᠨ ᠠᠰᠠᠭᠤᠳᠠᠯ ᠤᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠷᠤᠸᠠᠨ ᠽᠦᠩ ᠽᠧ ᠡᠨᠡ ᠬᠦ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠢ ︽ᠵᠠᠩᠭᠢᠯᠠᠭ᠎ᠠ ᠴᠢᠨᠠᠷᠲᠠᠢ ᠮᠥᠷᠲᠡᠭᠡᠨ ᠴᠠᠭ ᠲᠤ ᠪᠠᠨ ᠶᠠᠪᠤᠭᠳᠠᠪᠠ︾ ᠭᠡᠵᠦ ᠳᠦᠷᠰᠦᠯᠡᠪᠡ᠃ ︽ᠬᠢᠵᠢᠭ ᠤᠨ ᠪᠠᠶᠢᠳᠠᠯ ᠰᠠᠮᠠᠭᠤᠷᠠᠵᠤ᠂ ᠳᠡᠯᠡᠬᠡᠶ ᠶᠢᠨ ᠠᠵᠤ ᠠᠬᠤᠶ ᠬᠦᠨᠳᠦ ᠨᠣᠴᠢᠲᠠᠶ  ᠮᠠᠭᠤᠳᠠᠨ᠂ ᠣᠯᠠᠨ ᠤᠯᠤᠰ ᠤᠨ ᠠᠷᠠᠯᠵᠢᠶᠠᠨ ᠤ ᠪᠡᠯᠡ ᠣᠷᠣᠭᠤᠯᠤᠯᠲᠠ ᠪᠠᠭᠠᠰᠴᠤ᠂ ᠬᠠᠮᠠᠭᠠᠯᠠᠬᠤ ᠦᠵᠡᠯ ᠭᠠᠭᠴᠠ ᠲᠠᠯᠠᠲᠤ ᠦᠵᠡᠯ ᠰᠢᠷᠦᠭᠦᠰᠴᠦ ᠪᠠᠶᠢᠭ᠎ᠠ ᠣᠨᠴᠠᠭᠠᠢ ᠠᠬᠤᠶ ᠪᠠᠶᠢᠳᠠᠯ ᠳᠣᠤᠷ᠎ᠠ᠂ ᠡᠯ᠎ᠡ ᠲᠠᠯ᠎ᠠ ᠶᠢᠨ ᠬᠢᠨ RCEP ᠶᠢᠨ ᠲᠤᠬᠠᠶ ᠬᠠᠮᠲᠤ ᠶᠢᠨ ᠲᠠᠨᠢᠯᠲᠠ ᠲᠠᠢ ᠪᠣᠯᠵᠤ᠂ ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ ᠶᠢ ᠲᠤᠩᠬᠠᠭᠯᠠᠵᠤ᠂ ᠡᠯ᠎ᠡ ᠲᠠᠯ᠎ᠠ ᠶᠢᠨ ᠬᠢᠨ ᠠᠵᠤ ᠠᠬᠤᠢ ᠶᠢᠨ ᠨᠡᠮᠡᠭᠳᠡᠯ ᠳᠤ ᠢᠲᠡᠭᠡᠯ ᠵᠣᠷᠢᠭ ᠢᠶᠠᠨ ᠬᠥᠪᠴᠢᠯᠡᠪᠡ︾ ᠭᠡᠪᠡ᠃        ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠨᠢ ᠵᠡᠭᠦᠨ ᠠᠽᠢᠶ᠎ᠠ ᠶᠢᠨ ᠭᠠᠵᠠᠷ ᠣᠷᠣᠨ ᠤ ᠭᠤᠣᠯ ᠪᠣᠯᠬᠤ ᠤᠯᠤᠰ ᠢ ᠬᠠᠮᠤᠷᠴᠤ᠂ ᠣᠷᠣᠨ ᠪᠦᠰᠡ ᠪᠣᠯᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠪᠡ᠃ ᠣᠯᠠᠨ ᠤᠯᠤᠰ ᠤᠨ ᠨᠠᠷᠠᠲᠤ ᠣᠶᠤᠨ ᠤ ᠬᠥᠮᠥᠷᠭᠡ ᠶᠢᠨ ᠲᠥᠰᠦᠭᠡᠯᠡᠨ ᠪᠤᠳᠤᠭᠰᠠᠨ ᠢᠶᠠᠷ᠂ 2025 ᠣᠨ ᠪᠣᠯᠬᠤ ᠳᠤ᠂ RCEP ᠨᠢ ᠪᠦᠷᠢᠯᠳᠦᠬᠦᠨ ᠤᠯᠤᠰ ᠤᠨ ᠢᠶᠠᠨ ᠭᠠᠳᠠᠭᠠᠳᠤ ᠭᠠᠷᠭᠠᠯᠲᠠ᠂ ᠭᠠᠳᠠᠭᠠᠳᠤ ᠪᠠᠯᠠ ᠣᠷᠣᠭᠤᠯᠤᠯᠲᠠ ᠶᠢᠨ ᠬᠠᠳᠠᠭᠠᠯᠠᠮᠵᠢ ᠶᠢᠨ ᠬᠡᠮᠵᠢᠶ᠎ᠡ᠂ GDP ᠶᠢ ᠳᠠᠶᠢᠴᠢᠯᠠᠬᠤ ᠨᠢ ᠰᠠᠭᠤᠷᠢ ᠱᠤᠭᠤᠮ ᠠᠴᠠ ᠲᠣᠰ ᠲᠣᠰ 10.4%᠂ 2.6%᠂ 1.8% ᠢᠯᠡᠭᠦᠦ ᠨᠡᠮᠡᠭᠳᠡᠭᠦᠯᠬᠦ ᠡᠷᠡᠮᠡᠯᠵᠡᠯ ᠲᠠᠢ ᠪᠠᠶᠢᠨ᠎ᠠ ᠭᠡᠪᠡ᠃         ᠳᠡᠯᠡᠬᠡᠢ ᠳ᠋ᠠᠬᠢᠨ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠨᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠷᠤᠸᠠᠨ ᠽᠦᠩ ᠽᠧ ᠬᠡᠯᠡᠬᠦ ᠳᠤ ᠪᠠᠨ᠂ RCEP ᠲᠣᠭᠲᠠᠭᠰᠠᠨ ᠨᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ︵FTAAP︶ ᠤ ᠠᠬᠢᠴᠠ ᠳᠤ ᠪᠡᠶᠡᠯᠡᠭᠳᠡᠯ ᠤᠨ ᠵᠠᠮ ᠮᠥᠷ ᠢ ᠣᠯᠭᠤᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠶᠢᠰᠢᠳᠠ ᠶᠢᠨ ᠪᠦᠬᠦ ᠪᠥᠮᠪᠥᠷᠴᠡᠭ ᠤᠨ ᠬᠥᠭᠵᠢᠯᠲᠡ ᠶᠢᠨ ᠪᠠᠶᠢᠷᠢᠰᠢᠯ ᠳᠠᠬᠢ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠳᠡᠭ ᠢ ᠲᠥᠰᠥᠭᠡᠯᠡᠨ ᠮᠡᠳᠡᠵᠦ ᠪᠣᠯᠣᠨ᠎ᠠ ᠭᠡᠵᠡᠢ᠃
       ᠴᠢᠨᠠᠷ ᠰᠠᠶᠢᠲᠠᠶ ᠪᠠ ᠪᠠᠭᠲᠠᠭᠠᠮᠵᠢᠲᠤ ᠴᠢᠨᠠᠷ ᠤᠨ ᠨᠢᠭᠡᠳᠦᠯ         ᠣᠶᠢᠯᠠᠭᠠᠭᠰᠠᠨ ᠢᠶᠠᠷ᠂ RCEP ᠨᠢ ᠣᠷᠣᠰᠢᠯ᠂ 20 ᠪᠦᠯᠦᠭ ︵ᠭᠤᠤᠯᠳᠠᠭᠤ ᠪᠠᠷᠠᠭᠠᠨ ᠤ ᠠᠷᠠᠯᠵᠢᠶ᠎ᠠ᠂ ᠣᠭ ᠭᠠᠷᠤᠯᠲᠠ ᠶᠢᠨ ᠣᠷᠣᠨ ᠤ ᠲᠦᠷᠢᠮ᠂ ᠪᠣᠭᠤᠮᠲᠠ ᠶᠢᠨ ᠳᠡᠰ ᠳᠠᠷᠠᠭᠠᠯᠠᠯ ᠪᠠ ᠠᠷᠠᠯᠵᠢᠶ᠎ᠠ ᠶᠢ ᠳᠥᠭᠦᠮᠴᠢᠯᠡᠬᠦ᠂ ᠠᠷᠠᠯᠵᠢᠶᠠᠨ ᠤ ᠲᠡᠳᠬᠦᠮᠵᠢ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠪᠠᠭᠲᠠᠨ᠎ᠠ︶ ᠵᠢᠴᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠮᠠᠯᠠᠯᠲᠠ ᠶᠢᠨ ᠳᠥᠷᠪᠡᠨ ᠬᠦᠰᠦᠨᠦᠭᠲᠦ ᠶᠢᠨ ᠳᠠᠭᠠᠯᠳᠤᠭᠤᠯᠤᠯ ᠢᠶᠠᠷ ᠪᠦᠷᠢᠯᠳᠦᠵᠡᠶ᠃             RCEP ᠨᠢ ᠶᠠᠮᠠᠷ ᠶᠠᠮᠠᠷ ᠣᠨᠴᠠᠯᠢᠭ ᠲᠠᠢ ᠪᠣᠶ︖ ᠡᠨᠡ ᠪᠣᠯ ᠣᠲᠣ ᠦᠶ᠎ᠡ ᠶᠢᠨ᠂ ᠪᠥᠬᠦ ᠲᠠᠯ᠎ᠠ ᠶᠢᠨ᠂ ᠴᠢᠨᠠᠷ ᠰᠠᠶᠢᠲᠠᠶ᠂ ᠬᠠᠷᠢᠯᠴᠠᠨ ᠠᠰᠢᠭ ᠬᠦᠷᠲᠡᠬᠦ ᠲᠣᠮᠣ ᠬᠡᠯᠪᠡᠷᠢ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠮᠦᠨ — ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠪᠥᠭᠡᠳ ᠣᠯᠠᠨ ᠤᠯᠤᠰ ᠤᠨ ᠠᠷᠠᠯᠵᠢᠶᠠᠨ ᠤ ᠬᠡᠯᠡᠯᠴᠡᠭᠡ ᠶᠢᠨ ᠳᠡᠳ᠋ ᠲᠥᠯᠥᠭᠡᠯᠡᠭᠴᠢ ᠸᠠᠩ ᠱᠸᠦ ᠸᠧᠨ ᠢᠩᠭᠢᠵᠦ ᠬᠡᠯᠡᠭᠰᠡᠨ ᠪᠠᠶᠢᠨ᠎ᠠ᠃      ᠡᠭᠦᠨ ᠠᠴᠠ ᠡᠮᠦᠨ᠎ᠡ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠨᠢᠭᠡᠨᠲᠡ ᠳᠤᠮᠳᠠᠳᠤ ᠤᠯᠤᠰ᠂ ᠶᠠᠫᠣᠨ᠂ ᠺᠣᠷᠢᠶᠠ ᠵᠡᠷᠭᠡ ᠤᠯᠤᠰ ᠲᠠᠢ ︽10+1︾ ᠴᠢᠯᠥᠭᠡᠲᠦ ᠠᠷᠠᠯᠵᠢᠶᠠᠨ ᠤ ᠣᠯᠠᠨ ᠬᠡᠯᠡᠯᠴᠡᠭᠡᠷ ᠲᠣᠭᠲᠠᠵᠠᠶ᠃ ᠳᠤᠮᠳᠠᠳᠤ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 5 ᠤᠯᠤᠰ ᠴᠤ ᠬᠤᠭᠤᠷᠣᠨᠳᠣ ᠪᠠᠰᠠ ᠴᠢᠯᠥᠭᠡᠲᠦ ᠠᠷᠠᠯᠵᠢᠶᠠᠨ ᠤ ᠬᠠᠨᠢᠲᠠᠨ ᠤ ᠤᠯᠠᠨ ᠬᠠᠷᠢᠴᠠᠭ᠎ᠠ ᠪᠠᠶᠢᠪᠠ᠃ ᠬᠠᠷᠢᠴᠠᠭᠤᠯᠵᠤ ᠦᠵᠡᠪᠡᠯ᠂ RCEP ᠶᠢᠨ ᠦᠢᠯᠡᠴᠢᠯᠡᠭᠡᠨ ᠤ ᠠᠷᠠᠯᠵᠢᠶ᠎ᠠ ᠪᠠ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠢᠷᠢ ᠲᠥᠪᠰᠢᠨ ᠨᠢ ︽10 + 1︾ ᠶᠢᠨ ᠬᠡᠯᠡᠯᠴᠡᠭᠡᠷ ᠠᠴᠠ ᠥᠨᠳᠥᠷ ᠪᠠᠶᠢᠵᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠶ ᠶᠢᠨ ᠠᠷᠠᠯᠵᠢᠶᠠᠨ ᠤ ᠲᠦᠷᠢᠮ ᠤᠨ ︽ᠡᠮᠬᠢᠯᠡᠨ ᠨᠡᠶᠢᠯᠡᠭᠦᠯᠬᠦ ᠪᠠᠭᠠᠵᠢ︾ ᠶᠢᠨ ᠦᠢᠯᠡᠳᠦᠯ ᠢ ᠪᠠᠳᠠᠷᠠᠭᠤᠯᠬᠤ ᠪᠣᠯᠤᠨ᠎ᠠ᠃          ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠢᠦᠶ ᠮᠢᠶᠣᠣ ᠵᠢᠶᠧ ᠬᠡᠯᠡᠭᠰᠡᠨ ᠨᠢ᠂ ᠬᠡᠷᠪᠡ ᠡᠯ᠎ᠡ ᠤᠯᠤᠰ ᠤᠳ ᠬᠤᠭᠤᠷᠣᠨᠳᠣ ᠪᠠᠨ ᠠᠷᠠᠯᠵᠢᠶᠠᠨ ᠤ ᠬᠡᠯᠡᠯᠴᠡᠭᠡᠷ ᠲᠣᠭᠲᠠᠬᠤ ᠳᠤ ᠬᠦᠷᠪᠡᠯ᠂ ᠡᠯ᠎ᠡ ᠬᠡᠯᠡᠯᠴᠡᠭᠡᠷ ᠤᠨ ᠠᠳᠠᠯᠢ ᠪᠤᠰᠤ ᠳᠦᠷᠢᠮ ᠳᠤ ︽ᠢᠲ᠋ᠠᠯᠢ ᠶᠢᠨ ᠭᠤᠯᠢᠷ ᠤᠨ ᠠᠶᠠᠭ᠎ᠠ︾ ᠶᠢᠨ ᠦᠵᠡᠭᠳᠡᠯ ᠭᠠᠷᠴᠤ᠂ ᠬᠠᠶᠢᠴᠢᠯᠠᠭᠠᠳ ᠲᠠᠰᠤᠷᠠᠬᠤ ᠦᠭᠡᠢ᠂ ᠵᠠᠰᠠᠭᠠᠳ ᠪᠠᠰᠠ ᠵᠥᠭᠰᠢᠷᠡᠬᠦ ᠦᠭᠡᠢ ᠪᠣᠯᠣᠨ᠎ᠠ᠃ ᠨᠢᠭᠡᠳᠦᠯᠲᠡᠶ ᠲᠦᠷᠢᠮ ᠢ ᠪᠦᠷᠢᠯᠳᠦᠭᠦᠯᠪᠡᠯ᠂ ᠡᠵᠡᠩᠨᠡᠯᠲᠡ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠲᠣᠭᠲᠠᠭᠠᠯᠲᠤ ᠪᠤᠰᠤ ᠴᠢᠨᠠᠷ ᠢ ᠪᠠᠭᠠᠰᠬᠠᠬᠤ ᠪᠣᠯᠤᠨ᠎ᠠ ᠭᠡᠪᠡ᠃
     ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠵᠢᠭᠠᠵᠤ ᠭᠠᠷᠭᠠᠭᠰᠠᠨ  ᠨᠢ᠂ RCEP ᠨᠢ ᠣᠷᠣᠨ ᠪᠦᠰᠡ ᠶᠢᠨ ᠬᠤᠷᠠᠮᠳᠠᠭᠤᠯᠤᠭᠰᠠᠨ ᠤᠭ ᠭᠠᠷᠤᠯᠲᠠ ᠶᠢᠨ ᠣᠷᠣᠨ ᠤ ᠳᠦᠷᠢᠮ ᠢ ᠠᠰᠢᠭᠯᠠᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠳᠣᠲᠣᠷᠠᠬᠢ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ ᠬᠡᠯᠬᠢᠶ᠎ᠡ ᠶᠢ ᠭᠦᠨᠵᠡᠭᠡᠶᠢᠷᠡᠭᠦᠯᠦᠨ᠎ᠡ︔ ᠰᠢᠨ᠎ᠡ  ᠮᠡᠷᠭᠡᠵᠢᠯ  ᠢ ᠠᠰᠢᠭᠯᠠᠨ ᠪᠣᠭᠤᠮᠲᠠ ᠶᠢᠨ ᠳᠥᠭᠦᠮᠴᠢᠯᠡᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ  ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ︔ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠪᠠᠷ ᠪᠡᠯᠡ ᠣᠷᠣᠭᠤᠯᠤᠯᠲᠠ ᠶᠢᠨ ᠴᠢᠯᠥᠭᠡᠵᠢᠯ ᠢ ᠠᠬᠢᠭᠤᠯᠵᠤ ᠪᠡᠯᠡ ᠣᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠂ ᠡᠳᠡᠭᠡᠷ ᠨᠢ ᠴᠥᠮ ᠣᠷᠣᠨ ᠪᠦᠰᠡ ᠶᠢᠨ ᠳᠣᠲᠣᠭᠠᠳᠤ ᠶᠢᠨ ᠠᠵᠤ ᠠᠬᠤᠢ ᠠᠷᠠᠯᠵᠢᠶᠠᠨ ᠤ ᠲᠦᠷᠢᠮ ᠤᠨ ᠰᠢᠯᠢᠳᠡᠭᠵᠢᠯᠲᠡ ᠪᠠ ᠨᠡᠶᠢᠯᠡᠯᠲᠡ ᠶᠢ ᠠᠬᠢᠭᠤᠯᠬᠤ ᠪᠣᠯᠤᠨ᠎ᠠ ᠭᠡᠵᠡᠢ᠃         ︽ᠴᠢᠨᠠᠷ ᠰᠠᠶᠢᠲᠠᠶ ᠪᠠᠶᠢᠬᠤ︾ ᠪᠣᠯ RCEP ᠶᠢᠨ ᠨᠢᠭᠡᠨ ᠢᠯᠡᠷᠬᠡᠶ ᠣᠨᠴᠠᠯᠢᠭ ᠪᠣᠯᠤᠨ᠎ᠠ᠄ ᠪᠠᠷᠠᠭᠠᠨ ᠤ ᠠᠷᠠᠯᠵᠢᠶ᠎ᠠ ᠶᠢᠨ ᠡᠴᠦᠰ ᠤᠨ ᠪᠣᠭᠤᠮᠲᠠ ᠶᠢᠨ ᠭᠠᠶᠢᠯᠢ ᠦᠭᠡᠢ ᠦᠢᠯᠡᠳᠬᠦᠨ ᠤ ᠲᠤᠭ᠎ᠠ ᠨᠢ ᠪᠦᠬᠦᠯᠢ ᠴᠣᠭᠴᠠ ᠶᠢᠨ 90% ᠶᠢ ᠳᠠᠪᠠᠵᠦ᠂ ᠦᠢᠯᠡᠴᠢᠯᠡᠭᠡᠨ ᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠶᠡᠷᠦᠩᠬᠡᠶ ᠨᠡᠭᠡᠭᠡᠯᠲᠡ ᠶᠢᠨ ᠬᠢᠷᠢ ᠲᠥᠪᠰᠢᠨ ᠤᠤᠯ ᠤᠨ ︽10+1︾ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠬᠢ ᠠᠴᠠ ᠢᠯᠡᠳᠲᠡ ᠥᠨᠳᠥᠷ ᠪᠣᠯᠵᠤ᠂  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠥᠷᠢᠰᠥᠯᠳᠥᠭᠡᠨ ᠤ ᠲᠥᠷᠥ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠳᠡᠭᠡᠳᠦ ᠬᠢᠷᠢ ᠲᠦᠪᠰᠢᠨ ᠪᠥᠬᠦᠶ ᠣᠳᠣᠬᠢᠴᠢᠯᠠᠭᠰᠠᠨ ᠵᠥᠪᠯᠡᠬᠦ ᠰᠡᠳᠦᠪ ᠢ ᠴᠦ ᠡᠭᠦᠨ ᠳᠤ ᠣᠷᠤᠭᠤᠯᠬᠤ ᠪᠣᠯᠣᠨ᠎ᠠ ᠁          ᠷᠤᠸᠠᠨ ᠽᠦᠩ ᠽᠧ ᠬᠡᠯᠡᠬᠦ ᠳᠤ ᠪᠠᠨ᠂ ᠬᠤᠶᠢᠰᠢᠳᠠ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠩ ᠶᠡᠭᠡ ᠬᠡᠮᠵᠢᠶ᠎ᠡ ᠪᠠᠷ᠂ ᠨᠡᠩ ᠳᠥᠭᠦᠮ ᠳᠥᠲᠡ ᠬᠦᠷᠲᠡᠬᠦ ᠪᠣᠯᠤᠮᠵᠢ ᠲᠠᠢ᠂ ᠡᠯ᠎ᠡ ᠤᠯᠤᠰ ᠤᠨ ᠠᠷᠠᠳ ᠲᠦᠮᠡᠨ ᠴᠦ ᠨᠡᠩ ᠬᠢᠮᠳᠠ ᠦᠨ᠎ᠡ ᠪᠠᠷ ᠭᠠᠳᠠᠭᠠᠳᠤ ᠠᠴᠠ ᠣᠷᠣᠭᠤᠯᠬᠤ ᠦᠢᠯᠡᠳᠬᠦᠨ ᠢ ᠡᠳ᠋ᠯᠡᠵᠦ ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠨᠢ ᠤᠯᠠᠮ ᠨᠢᠭᠡ ᠠᠯᠬᠤᠮ ᠬᠠᠩᠭᠠᠭᠳᠠᠬᠤ ᠪᠣᠯᠤᠨ᠎ᠠ ᠭᠡᠪᠡ᠃
     ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠲᠡᠤᠬᠡᠲᠦ ᠴᠢᠨᠠᠷᠲᠠᠢ ᠪᠠᠷ ᠳᠤᠮᠳᠠᠳᠤ ᠤᠯᠤᠰ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ ᠳᠤᠮᠳᠠᠳᠤ ᠤᠯᠤᠰ ᠪᠣᠯᠤᠨ ᠪᠤᠰᠤᠳ RCEP ᠶᠢᠨ ᠪᠦᠷᠢᠯᠳᠦᠬᠦᠨ ᠤ ᠬᠤᠭᠤᠷᠣᠨᠳᠣᠬᠢ ᠠᠷᠠᠯᠵᠢᠶᠠᠨ ᠤ ᠶᠡᠷᠦᠩᠬᠡᠶ ᠬᠡᠮᠵᠢᠶ᠎ᠡ 10550 ᠳ᠋ᠦᠩᠰᠢᠭᠤᠷ ᠳ᠋ᠣᠯᠯᠠᠷ ᠲᠤ ᠬᠦᠷᠴᠦ᠂ ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠣᠭᠠᠨ ᠤ ᠪᠠᠷᠤᠭ ᠭᠤᠷᠪᠠᠨ ᠤ ᠨᠢᠭᠡ ᠬᠤᠪᠢ ᠶᠢ ᠡᠵᠡᠯᠡᠪᠡ᠃ ᠡᠶᠢᠮᠦ ᠯᠤᠲᠤ ᠶᠡᠭᠡ ᠠᠷᠠᠯᠵᠢᠶᠠᠨ ᠤ ᠬᠡᠮᠵᠢᠶ᠎ᠡ ᠨᠢ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ ᠪᠠᠷ ᠳᠠᠮᠵᠢᠭᠠᠳ ᠯᠤᠲᠤ ᠶᠡᠭᠡ ︽ᠠᠷᠠᠯᠵᠢᠶᠠᠨ ᠤ ᠡᠭᠦᠳᠦᠯᠲᠡ︾ ᠶᠢᠨ ᠦᠢᠯᠡᠳᠦᠯ ᠭᠠᠷᠭᠠᠬᠤ ᠨᠢ ᠳᠠᠮᠵᠢᠭ ᠦᠭᠡᠢ ᠶᠤᠮ᠃                  ᠳᠤᠷᠠᠳᠤᠭᠤᠰᠢᠲᠠᠶ ᠵᠦᠢᠯ ᠭᠡᠪᠡᠯ᠂ RCEP ᠭᠡᠷ᠎ᠡ ᠪᠠᠷ ᠳᠠᠮᠵᠢᠨ᠂ ᠤᠤᠯ ᠨᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠦᠭᠡᠢ ᠪᠠᠶᠢᠭᠰᠠᠨ ᠳᠤᠮᠳᠠᠳᠤ ᠶᠠᠫᠣᠨ᠂ ᠶᠠᠫᠣᠨ ᠺᠣᠷᠢᠶᠠ ᠬᠤᠭᠤᠷᠣᠨᠳᠤ ᠪᠠᠨ ᠪᠠᠰᠠ ᠴᠢᠯᠥᠭᠡᠲᠦ ᠠᠷᠠᠯᠵᠢᠶᠠᠨ ᠤ ᠰᠢᠨ᠎ᠡ ᠬᠠᠨᠢᠲᠠᠨ ᠤ ᠬᠠᠷᠢᠴᠠᠭ᠎ᠠ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠴᠢᠯᠥᠭᠡᠲᠦ ᠠᠷᠠᠯᠵᠢᠶᠠᠨ ᠤ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ ︽RCEP ᠶᠢ ᠲᠣᠭᠲᠠᠭᠰᠠᠨ ᠨᠢ᠂ ᠳᠤᠮᠳᠠᠳᠤ ᠶᠠᠫᠣᠨ ᠺᠣᠷᠢᠶᠠ ᠶᠢᠨ ᠨᠡᠩ ᠥᠨᠳᠥᠷ ᠲᠦᠪᠰᠢᠨ ᠪᠦᠬᠦᠢ ᠠᠵᠤ ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠳᠤ ᠳᠡᠮᠵᠢᠯᠭᠡ ᠪᠣᠯᠬᠤ ᠪᠥᠭᠡᠳ ᠢᠷᠡᠭᠡᠳᠦᠢ ᠳᠤ ᠳᠤᠮᠳᠠᠳᠤ ᠶᠠᠫᠣᠨ ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠤᠬᠢᠷᠠᠯᠴᠠᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ︾  ᠭᠡᠵᠦ ᠸᠠᠩ ᠱᠸᠦ ᠸᠧᠨ ᠬᠡᠯᠡᠪᠡ᠃        ᠬᠠᠷᠢᠯᠴᠠᠨ ᠬᠠᠷᠠᠭᠠᠯᠵᠠᠯ ᠦᠵᠡᠭᠦᠯᠬᠦ ᠲᠠᠯ᠎ᠠ ᠪᠠᠷ᠂ RCEP ᠨᠢ ᠠᠳᠠᠯᠢ ᠪᠤᠰᠤ ᠤᠯᠤᠰ ᠤᠨ ᠪᠠᠶᠢᠳᠠᠯ ᠢ ᠬᠠᠷᠠᠭᠠᠯᠵᠠᠨ ᠂ ᠬᠠᠮᠤᠭ ᠤᠨ ᠬᠤᠴᠤᠷᠠᠩᠭᠤᠢ ᠤᠯᠤᠰ ᠲᠤ ᠣᠨᠴᠠᠭᠠᠶ ᠪᠠ ᠵᠥᠷᠢᠶᠡᠲᠦ ᠬᠠᠷᠠᠭᠠᠯᠵᠠᠯ ᠬᠦᠷᠲᠡᠭᠡᠬᠦ ᠪᠣᠯᠣᠨ᠎ᠠ᠂ ᠥᠭᠡᠷ᠎ᠡ ᠪᠠᠷ ᠬᠡᠯᠡᠪᠡᠯ ᠡᠯ᠎ᠡ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠬᠤ ᠪᠣᠯᠣᠨ᠎ᠠ᠃ ᠵᠠᠳᠠᠯᠤᠭᠴᠢᠳ ᠬᠡᠯᠡᠬᠦ ᠳᠤ ᠪᠠᠨ᠂ ᠡᠨᠡ ᠨᠢ ᠲᠣᠰ ᠭᠠᠵᠠᠷ ᠣᠷᠣᠨ ᠤ ᠪᠠᠨ ᠪᠠᠭᠲᠠᠭᠠᠮᠵᠢᠲᠠᠶ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠳᠤ RCEP ᠶᠢᠨ ᠦᠷ᠎ᠡ ᠪᠦᠲᠦᠭᠡᠯ ᠢ ᠭᠦᠢᠴᠡᠳ ᠬᠠᠮᠲᠤ ᠪᠠᠷ ᠬᠦᠷᠲᠡᠭᠡᠬᠦ ᠪᠣᠯᠤᠨ᠎ᠠ ᠭᠡᠵᠡᠶ᠃
     ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ                      ᠴᠢᠯᠥᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠪᠣᠯ ᠳᠤᠮᠳᠠᠳᠤ ᠤᠯᠤᠰ ᠤᠨ ᠰᠢᠨ᠎ᠡ ᠨᠢᠭᠡ ᠡᠭᠡᠯᠵᠢ ᠶᠢᠨ ᠭᠠᠳᠠᠭᠠᠳᠤ ᠨᠡᠬᠡᠬᠡᠯᠳᠡ ᠶᠢᠨ ᠴᠢᠬᠤᠯᠠ ᠠᠭᠤᠯᠭ᠎ᠠ ᠪᠣᠯᠤᠨ᠎ᠠ᠃           ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ     ︽ ᠪᠦᠬᠦ  ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ  ᠤ   ᠲᠣᠤᠷ ᠰᠦᠯᠵᠢᠶ᠎ᠡ   ᠶᠢ  ᠪᠠᠶᠢᠭᠤᠯᠤᠨ᠎ᠠ  ︾  ᠭᠡᠵᠦ ᠲᠣᠳᠣᠷᠬᠠᠶ ᠳᠤᠷᠠᠳᠤᠨ ᠭᠠᠷᠭᠠᠪᠠ︔ ᠲᠡᠷᠢᠭᠦᠯᠡᠭᠴᠢ ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠡᠭᠡᠷ᠎ᠡ ᠪᠠᠰᠠ ︽ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠤᠯᠤᠰ ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠠᠯᠢ ᠲᠦᠷᠭᠡᠨ ᠢᠶᠠᠷ ᠭᠠᠷ ᠤᠨ ᠦᠰᠦᠭ ᠵᠢᠷᠤᠬᠤ ᠶᠢ ᠠᠬᠢᠭᠤᠯᠤᠨ᠎ᠠ ᠁︾ ᠭᠡᠵᠦ ᠲᠣᠳᠣᠷᠬᠠᠢ ᠢᠯᠡᠷᠬᠡᠶᠢᠯᠡᠪᠡ᠃          ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠬᠤ ᠨᠢ ᠳᠤᠮᠳᠠᠳᠤ ᠤᠯᠤᠰ ᠰᠢᠨ᠎ᠡ ᠴᠠᠭ ᠦᠶ᠎ᠡ ᠳᠤ ᠨᠡᠬᠡᠬᠡᠯᠳᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ  ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢᠶᠠᠷ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠳᠤ ᠯᠤᠲᠤ ᠶᠡᠭᠡ ᠬᠦᠴᠦᠨ ᠨᠡᠮᠡᠷᠢᠯᠡᠬᠦ ᠪᠣᠯᠤᠨ᠎ᠠ ᠭᠡᠵᠡᠢ᠃            ︽RCEP ᠪᠣᠯ ︿ᠬᠤᠤᠰ ᠣᠷᠴᠢᠯ﹀ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠦᠢᠯ ᠤᠨ ᠵᠠᠩᠭᠢᠯᠠᠭ᠎ᠠ ᠪᠣᠯᠬᠤ ᠲᠣᠭᠲᠠᠴᠠ ᠶᠢᠨ ᠴᠢᠨᠠᠷᠲᠠᠶ ᠬᠠᠮᠲᠤᠷᠠᠯᠴᠠᠭᠠᠨ ᠤ ᠲᠠᠪᠴᠠᠩ ᠮᠥᠨ᠂ ᠡᠨᠡ ᠬᠦ ᠪᠣᠷᠣ ᠲᠥᠯᠥᠪ ᠤᠨ ᠳᠣᠣᠷ᠎ᠠ᠂ ᠳᠤᠮᠳᠠᠳᠤ ᠤᠯᠤᠰ ᠡᠬᠢ ᠪᠠᠶᠠᠯᠢᠭ ᠪᠣᠯᠤᠨ ᠴᠢᠬᠤᠯᠠ ᠡᠯᠧᠮᠧᠨ᠋ᠲ ᠢ ᠨᠡᠩ ᠥᠨᠳᠥᠷ ᠪᠦᠲᠦᠮᠵᠢᠲᠡᠢ ᠳᠤᠬᠢᠷᠠᠭᠤᠯᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠪᠣᠯᠤᠨ᠎ᠠ︾ ᠭᠡᠵᠦ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ  ᠤ ᠲᠥᠪ  ᠤᠨ ᠡᠷᠬᠢᠯᠡᠭᠴᠢ ᠵᠠᠩ ᠵᠢᠶᠠᠨ ᠫᠢᠩ ᠬᠡᠯᠡᠪᠡ᠃
       ᠬᠤᠶᠠᠷ ᠪᠦᠯᠦᠭ ᠲᠤᠭ᠎ᠠ ᠨᠢ RCEP ᠶᠢᠨ ︽ᠠᠯᠲᠠᠨ ᠤ ᠠᠭᠤᠯᠤᠭᠳᠠᠴᠠ︾ ᠶᠢ ᠬᠠᠮᠤᠭ ᠠᠴᠠ ᠢᠯᠡᠭᠦᠤ ᠭᠡᠷᠡᠴᠢᠯᠡᠵᠦ ᠴᠢᠳᠠᠨ᠎ᠠ᠄  — RCEP ᠲᠣᠭᠲᠠᠭᠰᠠᠨ ᠤ ᠳᠠᠷᠠᠭ᠎ᠠ᠂ ᠳᠤᠮᠳᠠᠳᠤ ᠤᠯᠤᠰ ᠤᠨ ᠭᠠᠳᠠᠭᠠᠳᠤ ᠯᠦᠭᠡ ᠲᠣᠭᠲᠠᠭᠰᠠᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ 19 ᠪᠣᠯᠵᠤ᠂ ᠴᠢᠯᠥᠭᠡᠲᠦ ᠠᠷᠠᠯᠵᠢᠶᠠᠨ ᠤ ᠬᠠᠨᠢᠲᠠᠨ 26 ᠪᠣᠯᠪᠠ︔           — RCEP ᠪᠠᠷ ᠳᠠᠮᠵᠢᠭᠤᠯᠤᠨ ᠳᠤᠮᠳᠠᠳᠤ ᠶᠠᠫᠣᠨ ᠤ ᠴᠢᠯᠥᠭᠡᠲᠦ ᠠᠷᠠᠯᠵᠢᠶᠠᠨ ᠤ ᠬᠠᠷᠢᠴᠠᠭ᠎ᠠ ᠶᠢ ᠰᠢᠨ᠎ᠡ ᠪᠠᠷ ᠪᠠᠶᠢᠭᠤᠯᠪᠠ᠂ ᠡᠨᠡ ᠪᠣᠯ ᠳᠤᠮᠳᠠᠳᠤ ᠤᠯᠤᠰ ᠠᠩᠬ᠎ᠠ ᠤᠳᠠᠭ᠎ᠠ ᠳᠡᠯᠡᠬᠡᠢ  ᠶᠢᠨ ᠲᠦᠷᠦᠭᠦᠦ ᠠᠷᠪᠠ ᠶᠢᠨ ᠠᠵᠤ ᠠᠬᠤᠢ ᠶᠢᠨ ᠴᠣᠭᠴᠠ ᠲᠠᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠤ ᠪᠠᠶᠢᠭ᠎ᠠ ᠶᠤᠮ᠂ ᠡᠨᠡ ᠨᠢ ᠳᠤᠮᠳᠠᠳᠤ ᠤᠯᠤᠰ ᠪᠣᠯᠤᠨ ᠴᠢᠯᠥᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠠᠷᠠᠯᠵᠢᠶᠠᠨ ᠤ ᠪᠦᠷᠬᠦᠴᠡ ᠶᠢᠨ ᠨᠤᠷᠮ᠎ᠠ ᠣᠳᠣᠬᠠᠨ ᠤ 27% ᠠᠴᠠ 35% ᠪᠣᠯᠭᠠᠨ ᠳᠡᠭᠡᠭᠰᠢᠯᠡᠭᠦᠯᠪᠡ᠃
    ᠬᠤᠳᠠᠯᠳᠤᠭᠠᠨ ᠤ  ᠶᠠᠪᠤᠳᠠᠯ  ᠤᠨ  ᠶᠠᠮᠤᠨ  ᠤ  ᠰᠤᠳᠤᠯᠭᠠᠨ  ᠤ  ᠬᠦᠷᠢᠶᠡᠯᠡᠩ  ᠤᠨ  ᠣᠯᠠᠨ ᠤᠯᠤᠰ ᠤᠨ ᠵᠠᠬ᠎ᠠ ᠳᠡᠯᠭᠡᠭᠦᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠶ ᠮᠢᠩ ᠬᠡᠯᠡᠬᠦ ᠳᠤ ᠪᠠᠨ᠂ RCEP ᠳᠤ ᠭᠠᠷ ᠤᠨ ᠦᠰᠦᠭ ᠵᠢᠷᠤᠭᠰᠠᠨ ᠨᠢ ᠮᠠᠨ ᠤ ᠤᠯᠤᠰ ᠨᠠᠩ ᠪᠦᠬᠦ ᠲᠠᠯ᠎ᠠ ᠶᠢᠨ᠂ ᠨᠠᠩ ᠭᠦᠨᠵᠡᠭᠡᠶ᠂ ᠨᠠᠩ ᠣᠯᠠᠨ ᠡᠰᠢᠲᠦ ᠭᠠᠳᠠᠭᠠᠳᠤ ᠨᠡᠭᠡᠭᠡᠯᠲᠡ ᠪᠠᠷ ᠳᠠᠮᠵᠢᠨ᠂ ᠭᠠᠳᠠᠭᠠᠳᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠷᠠᠯᠵᠢᠶᠠᠨ ᠤ ᠪᠡᠯᠡ ᠣᠷᠣᠭᠤᠯᠤᠯᠲᠠ ᠶᠢᠨ ᠲᠦᠷᠢᠮ ᠲᠠᠢ ᠲᠠᠰᠤᠷᠠᠯᠳᠠ ᠦᠭᠡᠢ ᠵᠣᠯᠭᠠᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ ᠭᠡᠪᠡ᠃                     ᠣᠳᠣᠬᠠᠨ ᠳᠤ RCEP ᠶᠢᠨ ᠬᠠᠮᠤᠭ ᠡᠴᠦᠰ ᠤᠨ ᠬᠦᠴᠦᠨ ᠲᠠᠢ ᠪᠣᠯᠬᠤ ᠴᠠᠭ ᠬᠤᠭᠤᠴᠠᠭ᠎ᠠ ᠶᠢ ᠬᠦᠯᠢᠶᠡᠬᠦ ᠪᠣᠯᠣᠨ᠎ᠠ᠄ ᠲᠣᠭᠲᠠᠭᠠᠯ ᠢ ᠦᠨᠳᠦᠰᠦᠯᠡᠪᠡᠯ᠂ RCEP ᠬᠡᠯᠡᠯᠴᠡᠭᠡᠷ ᠨᠢ 15 ᠪᠦᠷᠢᠯᠳᠦᠬᠦᠨ  ᠤ ᠳᠣᠲᠣᠷ᠎ᠠ ᠨᠠᠭᠠᠳᠤ ᠵᠠᠬ᠎ᠠ ᠳᠤ ᠪᠠᠨ 9 ᠨᠢ ᠵᠥᠪᠰᠢᠶᠡᠷᠡᠪᠡᠯ ᠰᠠᠶ᠋ᠢ ᠬᠦᠴᠦᠨ ᠲᠠᠢ ᠪᠣᠯᠣᠨ᠎ᠠ᠂ ᠡᠭᠦᠨ ᠳᠤ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 6 ᠪᠦᠷᠢᠯᠳᠦᠬᠦᠨ ᠤᠯᠤᠰ ᠪᠣᠯᠣᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ ᠪᠠ ᠰᠢᠨ᠎ᠡ ᠽᠢᠯᠠᠨᠳ᠋ ᠤᠨ ᠳᠤᠮᠳᠠ ᠠᠴᠠ ᠠᠳᠠᠭ ᠲᠤ ᠪᠠᠨ 3 ᠤᠯᠤᠰ ᠨᠢ ᠵᠥᠪᠰᠢᠶᠡᠷᠡᠭᠰᠡᠨ ᠪᠠᠶᠢᠬᠤ ᠬᠡᠷᠡᠭᠲᠡᠢ᠃                 ᠸᠠᠩ ᠱᠸᠦ ᠸᠧᠨ ᠲᠠᠨᠢᠯᠴᠠᠭᠤᠯᠬᠤ ᠳᠤ ᠪᠠᠨ᠂ ᠵᠠᠯᠭᠠᠭᠠᠳ RCEP ᠶᠢᠨ ᠡᠯ᠎ᠡ ᠪᠦᠷᠢᠯᠳᠦᠬᠦᠨ ᠲᠤᠰ ᠲᠤᠰ ᠤᠯᠤᠰ ᠤᠨ ᠳᠣᠲᠣᠭᠠᠳᠤ ᠶᠢᠨ ᠬᠠᠤᠯᠢ ᠴᠠᠭᠠᠵᠠ ᠶᠢᠨ ᠬᠢᠨᠠᠨ ᠵᠥᠪᠰᠢᠶᠡᠷᠡᠬᠦ ᠵᠢᠷᠤᠮ ᠢ ᠭᠦᠢᠴᠡᠳᠬᠡᠵᠦ᠂ ᠬᠡᠯᠡᠯᠴᠡᠭᠡᠷ ᠤᠨ ᠡᠷᠲᠡᠬᠡᠨ ᠬᠦᠴᠦᠨ ᠲᠠᠢ ᠬᠡᠷᠡᠭᠵᠢᠭᠦᠯᠦᠭᠳᠡᠬᠦ ᠶᠢ ᠴᠢᠷᠮᠠᠶᠢᠨ ᠠᠬᠢᠭᠤᠯᠤᠨ᠎ᠠ᠃ ᠡᠯ᠎ᠡ ᠤᠯᠤᠰ ᠨᠢᠭᠡᠨᠲᠡ ᠤᠯᠤᠰ ᠤᠨ ᠳᠣᠲᠣᠭᠠᠳᠤ ᠶᠢᠨ ᠵᠥᠪᠰᠢᠶᠡᠷᠡᠯ ᠤᠨ ᠳᠡᠰ ᠳᠠᠷᠠᠭᠠᠯᠠᠯ ᠢᠶᠠᠨ ᠲᠥᠷᠭᠡᠳᠬᠡᠵᠦ᠂ ᠳᠤᠮᠳᠠᠳᠤ ᠤᠯᠤᠰ ᠴᠤ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ RCEP ᠬᠡᠯᠡᠯᠴᠡᠭᠡᠷ ᠢ ᠲᠤᠰ ᠭᠠᠵᠠᠷ ᠣᠷᠣᠨ ᠤ ᠠᠵᠤ ᠠᠬᠤᠶᠢᠯᠠᠯ ᠪᠠ ᠠᠷᠠᠳ ᠲᠦᠮᠡᠨ ᠳᠤ ᠡᠷᠲᠡᠬᠡᠨ ᠠᠰᠢᠭ ᠬᠦᠷᠲᠡᠭᠦᠯᠬᠦ ᠪᠠᠷ ᠴᠢᠷᠮᠠᠶᠢᠨ᠎ᠠ ᠭᠡᠪᠡ᠃         ︽ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠵᠥᠪᠬᠡᠨ ᠡᠬᠢᠯᠡᠯᠲᠡ ᠲᠡᠳᠦᠶ ᠶᠤᠮ᠂ RCEP ᠨᠢ ᠲᠤᠰ ᠭᠠᠵᠠᠷ ᠣᠷᠣᠨ ᠳᠤ ᠨᠢᠭᠡᠨ ᠲᠠᠪᠴᠠᠩ ᠬᠠᠩᠭᠠᠪᠠ᠂ ᠡᠯ᠎ᠡ ᠲᠠᠯ᠎ᠠ ᠶᠢᠨ ᠬᠢᠨ ᠡᠨᠡ ᠬᠦ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠬᠠᠮᠲᠤᠷᠠᠯᠴᠠᠨ᠂ ᠠᠷᠠᠯᠵᠢᠶᠠᠨ ᠤ ᠪᠡᠯᠡ ᠣᠷᠣᠭᠤᠯᠤᠯᠲᠠ ᠪᠠᠷ ᠨᠡᠩ ᠥᠨᠳᠥᠷ ᠲᠦᠪᠰᠢᠨ ᠪᠦᠬᠦᠢ ᠴᠢᠯᠥᠭᠡᠵᠢᠯᠲᠡ ᠳᠥᠭᠦᠮᠴᠢᠯᠡᠯᠲᠡ ᠶᠢ ᠪᠡᠶᠡᠯᠡᠭᠦᠯᠬᠦ ᠬᠡᠷᠡᠭ ᠲᠠᠢ ᠶᠤᠮ︾ ᠭᠡᠵᠦ ᠸᠠᠩ ᠱᠸᠦ ᠸᠧᠨ ᠬᠡᠯᠡᠪᠡ᠃   ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ    
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号