ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠬᠤ ᠦᠭᠡᠢ
ᠨᠡᠶᠢᠲᠡᠯᠡᠭᠰᠡᠨ ᠴᠠᠭ᠄
2020/11/2
     ᠪᠦᠬᠦ ᠬᠤᠲᠠ ᠶᠢᠨ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ᠂ ᠮᠠᠨ ᠤ ᠬᠤᠲᠠ ᠶᠢᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠱᠠᠲᠤ ᠦᠶ᠎ᠡ ᠶᠢᠨ ᠴᠢᠨᠠᠷᠲᠠᠶ ᠢᠯᠠᠯᠲᠠ ᠣᠯᠤᠭᠰᠠᠨ ᠪᠣᠯᠪᠠᠴᠤ ᠣᠳᠣᠬᠠᠨ ᠳᠤ ᠬᠢᠵᠢᠭ ᠪᠠᠰᠠ ᠳᠠᠭᠤᠰᠤᠭ᠎ᠠ ᠦᠭᠡᠶ᠃ ᠭᠠᠳᠠᠭᠠᠳᠤ ᠶᠢᠨ ᠬᠢᠵᠢᠭ ᠤᠨ ᠪᠠᠶᠢᠳᠠᠯ ᠮᠥᠨ ᠬᠦ ᠪᠡᠷᠬᠡ ᠪᠠᠷᠲᠠᠭ᠎ᠠ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠤᠯᠠᠷᠠᠭᠤᠯᠵᠤ ᠪᠣᠯᠬᠤ ᠦᠭᠡᠶ᠃      ᠡᠪᠦᠯ ᠤᠨ ᠤᠯᠠᠷᠢᠯ ᠳᠤ ᠣᠷᠣᠭᠰᠠᠨ ᠠᠴᠠ ᠨᠠᠰᠢ᠂ ᠬᠦᠢᠲᠡᠨ ᠬᠠᠯᠠᠭᠤᠨ ᠰᠣᠯᠢᠭᠳᠠᠬᠤ ᠨᠢ ᠵᠢᠮ᠎ᠡ ᠶᠣᠰᠣ ᠦᠭᠡᠢ᠃ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠢᠨ ᠬᠤᠪᠢᠷᠠᠯᠲᠠ ᠶᠡᠭᠡ᠂ ᠠᠮᠢᠰᠬᠤᠯ ᠤᠨ ᠵᠠᠮ ᠪᠠ ᠭᠡᠳᠡᠰᠦᠨ ᠤ  ᠬᠠᠯᠳᠠᠪᠣᠷᠢᠳᠦ ᠡᠪᠡᠳᠴᠢᠨ ᠣᠯᠠᠨ ᠡᠭᠦᠰᠬᠦ ᠤᠯᠠᠷᠢᠯ ᠪᠣᠯᠤᠨ᠎ᠠ᠃ ᠡᠯ᠎ᠡ ᠠᠵᠢᠯ ᠲᠥᠷᠥᠯ ᠤᠨ ᠬᠢᠨ ᠪᠦᠷ ᠬᠢᠵᠢᠭ ᠤᠨ ᠪᠠᠶᠢᠳᠠᠯ ᠢ ᠰᠡᠷᠭᠡᠶᠢᠯᠡᠬᠦ ᠶᠢᠨ ᠳᠣᠯᠠᠳᠠ᠂ ᠪᠢᠳᠠ ᠢᠳᠡᠪᠬᠢᠲᠡᠶ ᠬᠠᠮᠵᠢᠯᠴᠠᠨ᠂ ᠭᠠᠷ ᠢᠶᠠᠨ ᠦᠷᠭᠦᠯᠵᠢ ᠤᠬᠢᠶᠠᠵᠤ᠂ ᠰᠠᠯᠬᠢ  ᠨᠡᠪᠳᠡᠷᠡᠬᠦᠯᠵᠦ᠂ ᠠᠮᠠᠪᠴᠢ ᠪᠠᠨ ᠵᠡᠭᠦᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠢᠵᠢᠭ ᠤᠨ ᠪᠠᠶᠢᠳᠠᠯ ᠳᠠᠬᠢᠨ ᠡᠭᠦᠰᠬᠦ ᠶᠢ  ᠰᠡᠷᠬᠡᠶᠢᠯᠡᠬᠦ ᠶᠢ ᠪᠠᠷᠢᠮᠲᠠᠯᠠᠬᠤ ᠬᠡᠷᠡᠭᠲᠡᠶ᠃      ᠰᠢᠨ᠎ᠡ ᠲᠢᠲᠢᠮ ᠤᠨ ᠸᠢᠷᠦ᠋ᠰ ᠦᠬᠦᠬᠦ ᠦᠭᠡᠢ  ᠪᠣᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠣᠭᠰᠣᠬᠤ ᠦᠭᠡᠢ︕
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号