ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠭᠤᠷᠪᠠᠳᠣᠭᠠᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2020/11/20
    ᠯᠦ ᠪᠦᠦ ᠳ᠋ᠦᠩ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠪᠠᠷ ᠰᠣᠩᠭᠤᠭᠳᠠᠪᠠ    ᠭᠧᠩ ᡁᠢ ᠵᠢᠶᠦ᠋ᠨ ᠡᠷᠢᠶᠡᠨ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ
          ᠬᠤᠷᠠᠯ ᠤᠨ ᠠᠬᠤᠶ ᠲᠠᠯᠠᠪᠠᠶ
          ᠲᠡᠷᠢᠭᠦᠯᠡᠭᠴᠢ ᠶᠢᠨ ᠳᠠᠶᠢᠰᠠᠨ ᠳᠤ ᠰᠠᠭᠤᠵᠤ  ᠪᠠᠶᠢᠭ᠎ᠠ ᠤᠳᠤᠷᠢᠳᠤᠯᠭ᠎ᠠ    11 ᠰᠠᠷ᠎ᠠ ᠶᠢᠨ 19 ᠤ ᠡᠳᠦᠷ᠂ ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠰᠠᠭ ᠵᠠᠬᠢᠷᠭᠠᠨ ᠤ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠲᠡᠭᠦᠰᠪᠡ᠃
  ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠰᠢᠶᠠᠩ ᠸᠧᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
              ᠯᠢᠦ ᡁᠢ ᠫᠢᠩ
            ᠯᠦ ᠪᠦᠦ ᠳ᠋ᠦᠩ
                 ᠠᠭᠤᠯᠠ
                     ᠴᠢᠶᠣᠤ ᠸᠧᠶ ᠭᠦᠸᠧ    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠰᠢᠶᠠᠩ ᠸᠧᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    ᠶᠡᠭᠡ ᠬᠤᠷᠠᠯ ᠤᠨ ᠬᠦᠢᠴᠡᠳᠬᠡᠬᠦ ᠲᠡᠷᠢᠭᠦᠯᠡᠭᠴᠢ ᠯᠢᠦ ᡁᠢ ᠫᠢᠩ᠂ ᠯᠦ ᠪᠦᠦ ᠳ᠋ᠦᠩ᠂ ᠠᠭᠤᠯᠠ᠂ ᠴᠢᠶᠣᠤ ᠸᠧᠶ ᠭᠦᠸᠧ᠂ ᠵᠢᠶᠠ ᠸᠧᠶ ᠳ᠋ᠦᠩ᠂  ᠮᠦᠸᠧ ᠬᠤᠩ ᠵᠢᠶᠦ᠋ᠨ᠂ ᠤᠯᠠᠭᠠᠨ᠂ ᠭᠧᠩ ᡁᠢ ᠵᠢᠶᠦ᠋ᠨ᠂ ᠷᠧᠨ ᠵᠢᠶᠠᠨ ᠯᠦ  ᠳᠡᠷᠢᠬᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠤᠭᠰᠠᠳ ᠲᠤ ᠪᠠᠰᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠶᠠᠨ ᠬᠤᠩ᠂ ᠶᠠᠩ ᠶᠢᠨ ᠷᠦᠢ᠂  ᠨᠠᠷᠠᠨᠳᠠᠨ᠎ᠠ᠂ ᠯᠢᠦ ᠴᠠᠩ ᠴᠦᠨ᠂ ᠯᠢᠦ ᠱᠢ ᠱᠧᠩ᠂ ᠪᠦᠦ ᠵᠢᠶᠠᠨ ᠢ᠂ ᠳ᠋ᠦᠩ ᠵᠢᠶᠧ ᠹᠧᠩ᠂ ᠸᠠᠩ ᠵᠢᠩ᠂ ᠸᠠᠩ ᠠᠢ ᠮᠢᠩ᠂ ᠮᠥᠩᠬᠡᠸ᠋ᠴᠢᠷ ᠵᠡᠷᠭᠡ ᠪᠤᠢ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠠᠭᠤᠯᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 113 ᠬᠥᠮᠦᠨ᠂ ᠪᠣᠳᠠᠲᠠᠶ ᠢᠷᠡᠭᠰᠡᠨ ᠲᠥᠯᠥᠭᠡᠯᠡᠭᠴᠢ 107 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
              ᠡᠯ᠎ᠡ ᠲᠥᠯᠥᠭᠡᠯᠡᠭᠴᠢᠳ ᠭᠠᠷ ᠡᠷᠭᠦᠨ ᠪᠠᠲᠤᠯᠠᠯᠲᠠ ᠬᠢᠪᠡ    ᠶᠡᠭᠡ ᠬᠤᠷᠠᠯ ᠠᠴᠠ ᠭᠠᠷ ᠡᠷᠭᠦᠨ ᠪᠠᠲᠤᠯᠠᠬᠤ ᠠᠷᠭ᠎ᠠ ᠬᠡᠯᠪᠡᠷᠢ ᠪᠠᠷ ︽ᠡᠷᠢᠶᠡᠨ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ  ᠠᠵᠢᠯ  ᠤᠨ ᠢᠯᠡᠳᠬᠡᠯ ᠤᠨ ᠲᠤᠬᠠᠢ ᠰᠢᠢᠳᠪᠦᠷᠢ︾᠂ ︽ᠡᠷᠢᠶᠡᠨ ᠬᠤᠳᠠ ᠶᠢᠨ 2019 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ︾᠂ ︽ᠡᠷᠢᠶᠡᠨ ᠬᠤᠳᠠ ᠶᠢᠨ 2019 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2020 ᠣᠨ ᠤ ᠬᠤᠳᠠ ᠶᠢᠨ ᠲᠤᠰ ᠱᠠᠲᠤᠨ ᠤ ᠲᠥᠰᠦᠪ ᠤᠨ ᠲᠤᠬᠠᠢ ᠰᠢᠢᠳᠪᠦᠷᠢ︾᠂ ︽ᠡᠷᠢᠶᠡᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾᠂ ︽ᠡᠷᠢᠶᠡᠨ ᠬᠤᠳᠠ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠡᠷᠢᠶᠡᠨ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ᠶᠢ ᠪᠠᠲᠤᠯᠠᠪᠠ᠃    ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠪᠠᠳᠣᠯᠠᠵᠠᠢ   ᠬᠤᠷᠠᠯ ᠠᠴᠠ 2020 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠤᠢ ᠪᠣᠯᠭᠠᠪᠠ᠃ ᠪᠢᠯᠧᠲ ᠥᠭᠴᠦ ᠲᠠᠰᠤᠯᠤᠭᠠᠳ 2020 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 4 ᠲᠥᠷᠥᠯ ᠵᠦᠢᠯ ᠢ ᠲᠣᠭᠲᠠᠭᠠᠵᠤ᠂ ᠲᠣᠰ ᠲᠣᠰ 8 ᠰᠤᠷᠭᠠᠭᠤᠯᠢ ᠶᠢ ᠥᠭᠡᠷᠡᠴᠢᠯᠡᠬᠦ ᠪᠠ ᠴᠢᠳᠠᠪᠤᠷᠢ ᠶᠢ ᠳᠡᠬᠡᠭᠰᠢᠯᠡᠬᠦᠯᠬᠦ  ᠢᠨᠵᠧᠨᠧᠷᠢᠩ᠂ ᠯᠦ ᠴᠢᠶᠣᠤ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ 22 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠲᠥᠷᠥᠯ  ᠵᠦᠢᠯ ᠵᠢᠴᠢ ᠪᠠᠷᠠᠭᠤᠨ ᠲᠣᠭᠤᠷᠢᠭ ᠤᠨ ᠵᠠᠮ ᠢ ᠥᠭᠡᠷᠡᠴᠢᠯᠡᠬᠦ ᠲᠥᠷᠥᠯ  ᠵᠦᠢᠯ  ᠪᠣᠯᠤᠨ᠎ᠠ᠃
                     ᠫᠢᠶᠣᠣ ᠥᠭᠴᠦ ᠰᠣᠩᠭᠤᠬᠤ    ᠶᠡᠭᠡ ᠬᠤᠷᠠᠯ ᠠᠴᠠ ᠪᠢᠯᠧᠲ ᠥᠭᠴᠦ ᠰᠣᠩᠭᠤᠭᠤᠯᠢ ᠶᠠᠪᠤᠭᠤᠯᠬᠤ ᠪᠠᠷ ᠳᠠᠮᠵᠢᠨ᠂ ᠯᠦ ᠪᠦᠦ ᠳ᠋ᠦᠩ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠪᠠᠷ ᠰᠣᠩᠭᠤᠭᠳᠠᠪᠠ︔ ᠭᠧᠩ ᡁᠢ ᠵᠢᠶᠦ᠋ᠨ ᠡᠷᠢᠶᠡᠨ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ᠃ ᠳᠠᠷᠠᠭ᠎ᠠ ᠨᠢ᠂ ᠯᠦ ᠪᠦᠦ ᠳ᠋ᠦᠩ᠂ ᠭᠧᠩ ᡁᠢ ᠵᠢᠶᠦ᠋ᠨ ᠤᠯᠤᠰ ᠤᠨ ᠰᠦᠯᠳᠡ ᠣᠷᠣᠭᠤ ᠬᠠᠨᠳᠣᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠳᠣᠤᠷ᠎ᠠ᠂ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
             ᠯᠦ ᠪᠦᠦ ᠳ᠋ᠦᠩ ᠲᠠᠩᠭᠠᠷᠢᠭᠯᠠᠪᠠ
              ᠭᠧᠩ ᡁᠢ ᠵᠢᠶᠦ᠋ᠨ ᠲᠠᠩᠭᠠᠷᠢᠭᠯᠠᠪᠠ    ᠯᠦ ᠪᠦᠦ ᠳ᠋ᠦᠩ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠲᠡᠷᠡ᠂ ᠬᠤᠶᠢᠰᠢᠳᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠢᠯᠠᠩᠭᠤᠶ᠎ᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠰᠠᠭ ᠤᠨ ᠣᠷᠳᠣᠨ ᠤ ᠤᠳᠤᠷᠢᠳᠬᠤ ᠬᠥᠮᠦᠰ ᠢ ᠪᠦᠯᠬᠦᠮᠳᠡᠭᠦᠯᠦᠨ ᠳᠠᠭᠠᠭᠤᠯᠵᠤ᠂ ᠥᠩᠭᠡᠷᠡᠭᠰᠡᠨ ᠬᠤᠭᠤᠴᠠᠭᠠᠨ ᠤ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠢ ᠲᠠᠭᠠᠨ ᠡᠷᠴᠢ ᠵᠣᠷᠢᠭ ᠢᠶᠠᠨ ᠬᠥᠪᠴᠢᠯᠡᠨ᠎ᠡ ᠬᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号