ᠮᠡᠳᠡᠯᠭᠡ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠠ ᠣᠶᠣᠨ ᠤ ᠦᠮᠴᠢ ᠶᠢᠨ ᠡᠷᠬᠡ ᠶᠢ | ᠬᠠᠮᠠᠭᠠᠯᠠᠬᠤ ᠬᠠᠤᠯᠢ ᠶᠢᠨ ᠣᠷᠴᠢᠨ ᠢ ᠤᠯᠠᠮ ᠨᠢᠭᠡ ᠠᠯᠬᠤᠮ ᠪᠤᠢ ᠪᠣᠯᠭᠠᠵᠣ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠮᠡᠳᠡᠯᠭᠡ ᠶᠢ ᠬᠦᠨᠳᠦᠳᠬᠡᠬᠦ᠂ ᠰᠢᠨᠵᠢᠯᠡᠬᠦ ᠤᠬᠠᠭᠠᠨ ᠢ ᠡᠷᠬᠢᠮᠯᠡᠬᠦ᠂ ᠣᠶᠣᠨ ᠤ ᠦᠮᠴᠢ ᠶᠢᠨ | ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠪᠤᠢ ᠪᠣᠯᠭᠠᠬᠤ ᠶᠢ ᠠᠬᠢᠭᠤᠯᠬᠤ ᠶᠢᠨ ᠳᠣᠯᠠᠳᠠ᠂ ᠣᠶᠢᠷ᠎ᠠ ᠳᠤ᠂ ᠠᠵᠤ | ᠠᠬᠤᠶᠢᠯᠠᠯ ᠤᠨ ᠣᠶᠣᠨ ᠤ ᠦᠮᠴᠢ ᠶᠢᠨ ᠡᠷᠬᠡ ᠶᠢᠨ ᠬᠠᠮᠠᠭᠠᠯᠠᠯᠳᠠ ᠶᠢ ᠨᠠᠶᠢᠳᠠᠨ ᠬᠠᠮᠢᠶᠠᠷᠤᠭᠤᠯᠬᠤ ᠪᠣᠯᠪᠠᠰᠤᠷᠠᠯ ᠤᠨ | ᠠᠩᠭᠢ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ | ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ ᠰᠢᠨ᠎ᠡ ᠶᠢ ᠡᠭᠦᠳᠬᠦ ᠰᠤᠳᠤᠯᠭᠠᠨ ᠤ | ᠲᠥᠪ ᠠᠴᠠ ᠳᠠᠭᠠᠭᠠᠴᠢᠯᠠᠨ ᠡᠷᠬᠢᠯᠡᠪᠡ᠃ | | ᠪᠣᠯᠪᠠᠰᠣᠷᠠᠯ ᠤᠨ ᠠᠬᠤᠢ ᠳᠠᠯᠠᠪᠠᠢ | ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ︽ᠣᠶᠣᠨ ᠤ ᠦᠮᠴᠢ ᠶᠢᠨ ᠡᠷᠬᠡ ᠪᠠᠷ ᠠᠵᠤ | ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠪᠠᠷ ᠡᠷᠬᠢᠮ ᠵᠣᠷᠢᠯᠳᠠ ᠪᠠᠨ ᠪᠣᠯᠭᠠᠵᠣ᠂ ᠥᠪᠥᠷ | ᠮᠣᠩᠭᠤᠯ ᠤᠨ ᠱᠧᠩ ᠾᠦᠢ ᠶᠢᠩ ᠯᠢ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ᠂ ᠡᠷᠢᠶᠡᠨ ᠬᠤᠲᠠ ᠶᠢᠨ ᠶᠠᠩ ᠯᠠᠨ ᠳᠤᠯᠠᠭᠠᠨ ᠢ ᠬᠠᠮᠠᠭᠠᠯᠠᠬᠤ ᠵᠠᠰᠠᠯ ᠴᠢᠮᠡᠭᠯᠡᠯ ᠤᠨ ᠨᠢᠭᠡ | ᠴᠣᠭᠴᠠᠵᠢᠭᠤᠯᠣᠭᠰᠠᠨ ᠬᠠᠪᠲᠠᠰᠤ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ 100 ᠰᠢᠬᠠᠮ ᠬᠠᠮᠢᠶ᠎ᠠ | ᠪᠥᠬᠦᠶ ᠠᠵᠢᠯᠲᠠᠨ ᠪᠣᠯᠪᠠᠰᠤᠷᠠᠯ ᠳᠤ ᠣᠷᠣᠯᠴᠠᠪᠠ᠃ | | ᠪᠣᠯᠪᠠᠰᠣᠷᠠᠯ ᠤᠨ ᠠᠬᠤᠢ ᠳᠠᠯᠠᠪᠠᠢ | ᠥᠪᠥᠷ ᠮᠣᠩᠭᠤᠯ ᠤᠨ ᠣᠶᠣᠨ ᠤ ᠦᠮᠴᠢ ᠶᠢᠨ ᠡᠷᠬᠡ ᠶᠢᠨ ᠦᠢᠯᠡᠴᠢᠯᠡᠬᠡᠨ ᠤ ᠲᠥᠪ ᠤᠨ ᠡᠷᠬᠢᠯᠡᠭᠴᠢ | ᠬᠠᠨ ᠶᠦᠩ ᠤᠷᠢᠯᠭ᠎ᠠ ᠪᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠲᠠᠶᠢᠯᠤᠮᠵᠢ ᠨᠢ ᠡᠷᠢᠶᠡᠨ ᠪᠣᠭᠤᠮᠲᠠ ᠶᠢᠨ | ᠪᠣᠳᠠᠲᠠᠶ ᠣᠶᠣᠨ ᠤ ᠦᠮᠴᠢ ᠶᠢᠨ ᠡᠷᠬᠡ ᠶᠢᠨ ᠬᠡᠷᠡᠭᠯᠡᠯᠲᠡ᠂ ᠡᠭᠦᠳᠦᠯᠲᠡ ᠪᠠ ᠬᠠᠮᠠᠭᠠᠯᠠᠯᠲᠠ ᠶᠢᠨ ᠲᠣᠭᠤᠷᠢᠨ ᠳᠤ᠂ | ᠥᠨᠳᠥᠷ ᠥᠷᠲᠡᠭ ᠲᠠᠢ ᠲᠤᠰᠬᠠᠶ ᠠᠰᠢᠭ ᠨᠢ ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠬᠤ ᠵᠢᠴᠢ | ᠦᠨᠳᠦᠰᠦᠲᠡᠨ ᠤ ᠴᠠᠭᠠᠨ ᠢᠳᠡᠭᠡᠨ ᠤ ᠬᠥᠭᠵᠢᠯᠲᠡ᠂ ᠲᠠᠸᠠᠷ ᠤᠨ ᠲᠡᠮᠳᠡᠭ ᠤᠨ ᠭᠤᠶᠣᠴᠢᠯᠠᠯᠳᠠ᠂ ᠬᠡᠷᠡᠭᠯᠡᠯᠳᠡ ᠳᠤ | ᠨᠠᠷᠢᠨ ᠳᠠᠶᠢᠯᠪᠣᠷᠢᠯᠠᠯᠳᠠ ᠬᠢᠪᠡ᠃ ᠪᠠᠰᠠ ᠠᠵᠤ ᠠᠬᠤᠶᠢᠯᠠᠯ ᠤᠨ ᠲᠤᠰᠬᠠᠶ ᠠᠰᠢᠭ ᠤᠨ ᠡᠷᠬᠡ ᠶᠢᠨ ᠭᠤᠶᠤᠴᠢᠯᠠᠯ ᠤᠨ | ᠵᠠᠶᠢᠯᠠᠰᠬᠢᠬᠤ᠂ ᠰᠢᠨ᠎ᠡ ᠶᠢ ᠡᠭᠦᠳᠬᠦ᠂ ᠬᠠᠮᠠᠭᠠᠯᠠᠬᠤ ᠶᠢ ᠬᠡᠷᠬᠢᠨ ᠬᠠᠪᠰᠤᠷᠬᠤ᠂ ᠠᠵᠤ ᠠᠬᠤᠶᠢᠯᠠᠯ ᠤᠨ ᠣᠶᠣᠨ ᠤ | ᠦᠮᠴᠢ ᠶᠢᠨ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢ ᠬᠡᠷᠬᠢᠨ ᠤᠯᠠᠮ ᠨᠢᠭᠡ ᠠᠯᠬᠤᠮ | ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠵᠡᠷᠭᠡ ᠬᠡᠳᠦᠨ ᠲᠠᠯ᠎ᠠ ᠪᠠᠷ | ᠰᠠᠨᠠᠯ ᠰᠣᠯᠢᠯᠴᠠᠨ ᠬᠠᠷᠢᠭᠤᠯᠳᠠ ᠦᠭᠪᠡ᠃ | ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠣᠶᠣᠨ ᠤ ᠦᠮᠴᠢ ᠶᠢᠨ ᠡᠷᠬᠡ ᠶᠢ ᠬᠠᠮᠠᠭᠠᠯᠠᠬᠤ ᠳᠠᠯ᠎ᠠ ᠪᠠᠷ ᠤᠬᠠᠭᠤᠯᠭ᠎ᠠ ᠶᠢᠨ ᠡᠷᠴᠢᠮ ᠢᠶᠠᠨ ᠴᠢᠩᠬᠠᠳᠬᠠᠵᠤ᠂ | ᠬᠠᠭᠤᠷᠮᠠᠭ ᠣᠶᠣᠨ ᠤ ᠦᠮᠴᠢ ᠶᠢᠨ ᠡᠷᠬᠡ ᠪᠠ ᠪᠣᠰᠣᠳ ᠤᠨ ᠣᠶᠣᠨ ᠤ ᠦᠮᠴᠢ ᠶᠢᠨ ᠡᠷᠬᠡ ᠳᠤ ᠬᠠᠯᠳᠠᠭᠰᠠᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠬ᠎ᠠ ᠴᠣᠬᠢᠯᠲᠠ ᠦᠭᠭᠦ ᠶᠢᠨ ᠳᠠᠭᠠᠣ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠣ᠂ ᠬᠦᠴᠦ ᠪᠠᠨ ᠬᠠᠮᠲᠤᠳᠬᠠᠨ | ᠬᠢᠨᠠᠨ ᠬᠠᠮᠢᠶᠠᠷᠴᠤ᠂ ᠠᠵᠤ ᠠᠬᠤᠶᠢᠯᠠᠯ ᠳᠤ ᠭᠤᠤᠯᠴᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠪᠣᠯᠤᠨ | ᠣᠶᠣᠨ ᠤ ᠦᠮᠴᠢ ᠶᠢᠨ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠣ | ᠦᠭᠭᠦᠨ᠎ᠡ᠃ |