ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ 2020 ᠣᠨ ᠤ ᠭᠤᠷᠪᠠᠳᠤᠭᠠᠷ ᠬᠤᠷᠠᠯᠳᠣᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠣᠷᠢᠵᠢᠭᠤᠯᠵᠣ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠰᠢᠯᠭᠠᠨ ᠠᠪᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ | ᠶᠢᠨ ᠳᠣᠯᠠᠳᠠ᠂ 11 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ 2020 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ | ᠬᠤᠷᠠᠯᠳᠤᠭᠤᠯᠵᠤ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠴᠣᠭᠵᠢᠯ ᠬᠤᠷᠠᠯ ᠳᠤ ᠣᠷᠣᠯᠴᠠᠪᠠ᠃ | ᠬᠤᠷᠠᠯ ᠠᠴᠠ ︽ᠡᠷᠢᠶᠡᠨ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ | ᠴᠡᠭᠴᠡᠯᠡᠨ ᠵᠠᠰᠠᠯᠳᠠ ᠶᠢ ᠰᠢᠯᠭᠠᠨ ᠠᠪᠬᠤ ᠠᠵᠢᠯ ᠤᠨ ᠠᠷᠭ᠎ᠠ︾ ᠶᠢ ᠬᠢᠨᠠᠨ ᠵᠥᠪᠯᠡᠪᠡ᠃ | | ᠬᠤᠷᠠᠯ ᠤᠨ ᠠᠬᠤᠢ ᠳᠠᠯᠠᠪᠠᠢ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠰᠠᠶᠢᠵᠢᠷᠠᠭᠤᠯᠬᠤ ᠪᠣᠯ ᠠᠷᠠᠳ ᠤᠨ | ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠤᠨ᠎ᠠ᠂ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠶᠤᠮ᠃ ᠡᠯ᠎ᠡ | ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠢ ᠰᠠᠶᠢᠵᠢᠷᠠᠭᠤᠯᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠬᠥᠳᠡᠭᠡ ᠳᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ | ᠲᠤᠤᠱᠯᠠᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠤᠳᠠᠭᠠᠨ | ᠳᠠᠭᠠᠭᠠᠮᠠᠭᠠᠶ ᠴᠢᠷᠮᠠᠶᠢᠵᠣ᠂ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠤᠨ ᠬᠠᠷᠠᠯᠲᠠ ᠡᠭᠦᠷᠭᠡ ᠶᠢ ᠴᠢᠨᠠᠷ | ᠰᠠᠶᠢᠲᠠᠶ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠦᠷᠭᠦᠯᠵᠢᠯᠡᠨ | ᠰᠠᠶᠢᠵᠢᠷᠠᠭᠤᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ᠂ ᠬᠥᠳᠡᠭᠡ ᠲᠣᠰᠬᠤᠨ | ᠮᠠᠯᠵᠢᠬᠤ ᠣᠷᠣᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠳᠡᠢ ᠭᠡᠮᠡᠨ ᠬᠤᠷᠠᠯ ᠠᠴᠠ ᠵᠢᠭᠠᠵᠣ ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ | ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠶ ᠡᠷᠢᠵᠦ᠂ ᠠᠵᠢᠯ ᠤᠨ ᠭᠠᠷᠳᠠᠴᠠ ᠶᠢ ᠣᠨᠣᠪᠴᠢᠲᠠᠶ | ᠡᠷᠢᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠮᠠᠷᠠᠶᠢᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠣᠷᠢᠵᠢᠭᠤᠯᠣᠨ᠂ ᠣᠷᠣᠰᠢᠨ ᠰᠠᠭᠤᠬᠤ ᠣᠷᠴᠢᠨ ᠢ | ᠴᠡᠭᠴᠡᠯᠡᠨ ᠵᠠᠰᠠᠯᠳᠠ ᠶᠢ ᠰᠢᠯᠭᠠᠨ ᠠᠪᠬᠤ ᠠᠵᠢᠯ ᠢ ᠦᠨᠡᠨᠬᠦ ᠪᠣᠳᠠᠳᠠᠶᠢᠵᠢᠭᠤᠯᠣᠨ ᠨᠠᠶᠢᠳᠠᠪᠣᠷᠢᠵᠢᠭᠤᠯᠬᠤ ᠬᠡᠷᠡᠭᠲᠡᠶ᠃ | ᠰᠢᠯᠭᠠᠨ ᠠᠪᠬᠤ ᠲᠥᠰᠦᠯ ᠲᠣᠭᠲᠠᠭᠠᠵᠤ᠂ ᠰᠢᠯᠭᠠᠨ ᠠᠪᠬᠤ ᠠᠭᠤᠯᠭ᠎ᠠ ᠶᠢ ᠲᠣᠳᠣᠷᠬᠠᠶᠢᠯᠠᠵᠤ᠂ ᠰᠢᠯᠭᠠᠨ ᠠᠪᠬᠤ | ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠦᠨᠡᠨ ᠠᠴᠠ ᠵᠥᠪ ᠢ ᠡᠷᠢᠵᠦ᠂ ᠨᠠᠷᠢᠨ ᠬᠢᠨᠠᠮᠠᠭᠠᠶ ᠰᠢᠯᠭᠠᠨ ᠠᠪᠴᠤ | ᠂ ᠶᠠᠪᠤᠴᠠ ᠶᠢ ᠢᠯᠡ ᠲᠣᠳᠣ᠂ ᠦᠷ᠎ᠡ ᠳ᠋ᠦᠩ ᠢ ᠪᠤᠰᠤᠳᠴᠢ ᠲᠥᠪ ᠭᠤᠤᠯᠴᠢ ᠪᠠᠶᠢᠯᠭᠠᠬᠤ ᠬᠡᠷᠡᠭᠲᠡᠶ᠃ ᠰᠢᠯᠭᠠᠨ | ᠠᠪᠬᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠪᠦᠬᠦ ᠶᠠᠪᠤᠴᠠ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠣ᠂ | ᠲᠤᠭ᠎ᠠ ᠪᠠᠷᠢᠮᠲᠠ ᠶᠢᠨ ᠢᠷᠡᠯᠲᠡ ᠶᠢᠨ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠵᠤ᠂ ᠬᠤᠳᠠᠯ ᠬᠠᠭᠤᠷᠮᠠᠭ ᠢᠶᠠᠷ | ᠰᠢᠯᠭᠠᠨ ᠠᠪᠬᠤ ᠶᠢ ᠡᠷᠡᠰ ᠬᠤᠷᠢᠭᠯᠠᠬᠤ ᠬᠡᠷᠡᠭᠲᠡᠶ᠃ ᠰᠢᠯᠭᠠᠨ ᠠᠪᠤᠭᠰᠠᠨ ᠦᠷ᠎ᠡ ᠳ᠋ᠦᠩ ᠢ ᠰᠠᠶᠢᠲᠤᠷ ᠬᠡᠷᠡᠭᠯᠡᠵᠦ᠂ | ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠳ᠋ᠦᠩᠨᠡᠨ ᠬᠤᠷᠢᠶᠠᠩᠭᠤᠶᠢᠯᠠᠵᠣ᠂ ᠤᠬᠠᠭᠤᠯᠤᠨ ᠳᠡᠯᠭᠡᠷᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ | ᠬᠡᠷᠡᠭᠳᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠳᠤ ᠨᠠᠷᠢᠨ ᠬᠢᠨᠠᠮᠠᠭᠠᠶ ᠰᠤᠳᠤᠯᠤᠨ ᠵᠠᠳᠠᠯᠣᠯᠳᠠ ᠬᠢᠵᠣ᠂ ᠱᠠᠯᠠᠪᠳᠠᠨ ᠬᠢᠨᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ |