ᠬᠦᠴᠢᠷ ᠪᠡᠷᠬᠡ ᠶᠢ ᠬᠠᠮᠲᠤ ᠪᠠᠷ ᠢᠯᠠᠨ ᠳᠠᠪᠠᠵᠤ᠂ ᠰᠡᠳᠬᠢᠯ ᠢᠶᠠᠨ ᠨᠢᠭᠡᠳᠬᠡᠨ ︽ᠬᠢᠵᠢᠭ︾ ᠲᠠᠢ ᠳᠡᠮᠡᠴᠡᠨ᠎ᠡ — ᠪᠣᠭᠤᠮᠳᠠ ᠶᠢᠨ ᠣᠯᠠᠨ ᠬᠤᠳᠠᠯᠳᠤᠭᠠᠴᠢᠨ ᠡᠷᠦᠬᠡ ᠮᠣᠩᠭᠤᠯ ᠤᠯᠤᠰ ᠲᠤ ᠡᠳ᠋ ᠪᠣᠳᠠᠰ ᠬᠠᠨᠳᠢᠪᠯᠠᠪᠠ
ᠨᠡᠶᠢᠲᠡᠯᠡᠭᠰᠡᠨ ᠴᠠᠭ᠄
2020/11/25
      11 ᠰᠠᠷ᠎ᠠ ᠶᠢᠨ 24 ᠤ ᠡᠳᠦᠷ᠂ ᠳᠥᠭᠦᠮ ᠬᠤᠭᠤᠯᠠ᠂ ᠪᠣᠳᠠᠭ᠎ᠠ᠂ ᠭᠤᠯᠢᠷ᠂ ᠬᠤᠪᠴᠠᠰᠤ ᠬᠤᠨᠠᠷ᠂ ᠠᠮᠠᠪᠴᠢ ᠵᠡᠷᠭᠡ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ ᠶᠢ ᠳᠦᠭᠦᠷᠲᠡᠯ᠎ᠡ ᠠᠴᠢᠭᠰᠠᠨ ᠲᠠᠪᠤᠨ ᠮᠠᠰᠢᠨ ᠲᠡᠷᠭᠡ ᠡᠷᠢᠶᠡᠨ ᠬᠤᠲᠠ ᠳᠤ ᠰᠠᠭᠤᠭ᠎ᠠ ᠮᠣᠩᠭᠤᠯ ᠣᠯᠣᠰ ᠤᠨ ᠺᠤᠨᠰᠦ᠋ᠯ ᠤᠨ ᠭᠠᠵᠠᠷ ᠤᠨ ᠬᠦᠷᠢᠶᠡᠨ ᠳᠤ ᠠᠯᠭᠤᠷᠬᠠᠨ ᠣᠷᠣᠪᠠ᠂ ᠠᠳᠡ ᠳᠤᠮᠳᠠᠳᠤ ᠤᠯᠤᠰ ᠤᠨ ᠠᠷᠠᠳ ᠲᠦᠮᠡᠨ ᠤ ᠮᠣᠩᠭᠤᠯ ᠤᠯᠤᠰ ᠤᠨ ᠠᠷᠠᠳ ᠢᠷᠭᠡᠳ ᠲᠤ ᠬᠠᠨᠳᠤᠭᠤᠯᠤᠭᠰᠠᠨ ︽ᠠᠨᠳᠠ︾ ᠶᠢᠨ ᠰᠡᠳᠬᠢᠯᠭᠡ ᠶᠢ ᠠᠴᠢᠶᠠᠯᠠᠵᠤ ᠪᠠᠶᠢᠭ᠎ᠠ ᠪᠢᠯᠡ᠃
              ᠬᠠᠯᠠᠭᠤᠨ ᠰᠡᠳᠬᠢᠯᠲᠦ ᠬᠥᠮᠦᠰ ᠪᠣᠳᠠᠭ᠎ᠠ᠂ ᠳᠥᠭᠦᠮ ᠬᠤᠭᠤᠯᠠ ᠬᠠᠨᠳᠢᠪᠯᠠᠵᠣ ᠪᠠᠶᠢᠭ᠎ᠠ
                            ᠪᠢᠴᠢᠬᠠᠨ ᠨᠠᠶᠢᠵᠠ ᠶᠢᠨ ᠬᠠᠨᠳᠢᠪᠯᠠᠭᠰᠠᠨ ᠰᠢᠨ᠎ᠡ ᠶᠢᠨ ᠵᠣᠭᠤᠰ        ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠳᠡᠳ᠋ ᠺᠤᠨᠰᠦ᠋ᠯ ᠳ᠋ᠠᠰᠢᠨᠢᠮ᠎ᠠ ᠰᠡᠳᠬᠢᠯ ᠳᠣᠭᠳᠣᠯᠤᠨ᠄ ︽ᠮᠣᠩᠭᠤᠯ ᠤᠯᠤᠰ ᠲᠤ ᠬᠢᠵᠢᠭ ᠭᠠᠷᠤᠭᠰᠠᠨ ᠠᠴᠠ ᠨᠠᠰᠢ᠂ ᠡᠷᠢᠶᠡᠨ ᠬᠤᠲᠠ ᠶᠢᠨ ᠮᠠᠰᠢ ᠣᠯᠠᠨ ᠬᠠᠪᠰᠤᠷᠤᠯᠭ᠎ᠠ ᠳᠡᠮᠵᠢᠯᠭᠡ ᠶᠢ ᠣᠯᠪᠠ᠂ ᠡᠭᠦᠨ ᠳᠤ ᠵᠠᠰᠠᠭ ᠤᠨ ᠣᠷᠳᠣᠨ ᠤ ᠬᠠᠨᠳᠢᠪ ᠪᠠᠶᠢᠬᠤ ᠪᠦᠭᠡᠳ ᠠᠷᠠᠳ ᠤᠨ ᠳᠤᠮᠳᠠᠬᠢ ᠬᠠᠯᠠᠭᠤᠨ ᠰᠡᠳᠬᠢᠯᠳᠣ ᠬᠥᠮᠦᠰ ᠤᠨ ᠬᠠᠨᠳᠢᠪ ᠴᠦ ᠪᠣᠢ᠃ ᠪᠢᠳᠡᠨ ᠤ ᠰᠠᠶᠢᠨ ︿ᠠᠨᠳᠠ﹀  ᠲᠠ ᠨᠠᠷ ᠲᠤ ᠪᠠᠨ ᠮᠠᠰᠢ ᠶᠡᠭᠡ ᠲᠠᠯᠠᠷᠬᠠᠵᠤ ᠪᠠᠢᠨ᠎ᠠ᠃ ᠺᠤᠨᠰᠦ᠋ᠯ ᠤᠨ ᠭᠠᠵᠠᠷ ᠬᠠᠮᠤᠭ ᠤᠨ ᠣᠬᠤᠷ ᠬᠤᠭᠤᠴᠠᠭᠠᠨ ᠳᠤ ᠪᠣᠭᠤᠮᠲᠠ ᠪᠠᠷ ᠨᠡᠪᠳᠡᠷᠡᠭᠦᠯᠵᠣ᠂ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠢᠶᠠᠷ ᠳᠠᠮᠵᠢᠭᠤᠯᠤᠨ ᠡᠳᠡᠭᠡᠷ ᠬᠠᠶᠢᠷ᠎ᠠ ᠬᠠᠯᠠᠮᠵᠢ ᠶᠢᠨ ᠡᠳ᠋ ᠪᠣᠳᠠᠰ ᠢ ᠮᠣᠩᠭᠤᠯ ᠤᠯᠤᠰ ᠤᠨ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠲᠤ ᠬᠦᠷᠭᠡᠵᠦ᠂ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠠᠷᠬᠠᠭᠠᠨ᠎ᠠ︾ ᠭᠡᠪᠡ᠃
                             ᠡᠳ᠋ ᠪᠣᠳᠠᠰ ᠢ ᠺᠤᠨᠰᠦ᠋ᠯ ᠤᠨ ᠭᠠᠵᠠᠷ ᠲᠤ ᠬᠦᠷᠭᠡᠵᠣ ᠪᠠᠶᠢᠭ᠎ᠠ        ︽ᠪᠢᠳᠡ ᠨᠠᠷ ᠤᠨ ᠰᠠᠨᠠᠭᠠᠴᠢᠯᠠᠭ᠎ᠠ ᠠᠴᠠ ᠪᠠᠨ ᠵᠣᠬᠢᠶᠠᠨ ᠪᠠᠶᠢᠭᠤᠯᠤᠭᠰᠠᠨ ᠬᠠᠨᠳᠢᠪᠯᠠᠬᠤ ᠠᠵᠢᠯᠯᠠᠭ᠎ᠠ ᠪᠣᠯ ᠴᠥᠮ ᠰᠠᠶᠢᠨ ᠳᠤᠷ᠎ᠠ ᠠᠴᠠ ᠪᠠᠨ ᠪᠠᠶᠢᠵᠣ᠂ ᠣᠬᠤᠷᠬᠠᠨ ᠭᠤᠷᠪᠠ ᠳᠥᠷᠪᠡᠨ ᠡᠳᠦᠷ ᠤᠨ ᠳᠣᠳᠣᠷ᠎ᠠ᠂ ᠪᠢᠳᠡ ᠨᠡᠶᠢᠳᠡ 41 ᠲᠦᠮᠡᠨ ᠲᠥᠭᠦᠷᠢᠭ ᠤᠨ ᠦᠷᠳᠡᠭ ᠪᠦᠬᠦᠢ ᠡᠳ᠋ ᠪᠣᠳᠠᠰ ᠢ ᠴᠤᠭᠯᠠᠭᠤᠯᠵᠠᠶ᠂ ᠡᠭᠦᠨ ᠳᠤ ᠭᠤᠤᠯᠳᠠᠭᠤ ᠳᠥᠭᠦᠮ ᠬᠤᠭᠤᠯᠠ᠂ ᠠᠮᠠᠪᠴᠢ᠂ ᠪᠣᠳᠠᠭ᠎ᠠ᠂ ᠭᠤᠯᠢᠷ᠂ ᠬᠥᠪᠥᠩ ᠬᠤᠪᠴᠠᠰᠤ᠂ ᠵᠣᠵᠠᠭᠠᠨ ᠱᠠᠬᠠᠶ᠂ ᠠᠷᠢᠭᠤᠳᠬᠠᠬᠤ ᠡᠮ ᠵᠡᠷᠭᠡ ᠪᠠᠭᠲᠠᠨ᠎ᠠ᠃︾ ᠭᠡᠵᠣ ᠸᠧᠨᠵᠸᠦ ᠬᠤᠳᠠᠯᠳᠤᠭᠠᠨ ᠤ ᠬᠤᠲᠠ ᠶᠢᠨ ᠬᠤᠳᠠᠯᠳᠤᠭᠠᠴᠢᠨ ᠡᠷᠦᠬᠡ ᠴᠡᠩᠭᠡᠯᠳᠦ ᠬᠡᠯᠡᠨ᠎ᠡ᠃ ᠰᠣᠨᠢᠨ ᠮᠡᠳᠡᠭᠡ ᠪᠠᠷ ᠳᠠᠮᠵᠢᠭᠤᠯᠤᠨ ᠮᠣᠩᠭᠤᠯ ᠤᠯᠤᠰ ᠲᠤ ᠲᠤᠰ ᠭᠠᠵᠠᠷ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢᠯᠡᠷᠡᠭᠰᠡᠨ ᠢ ᠮᠡᠳᠡᠭᠡᠳ᠂ ᠸᠧᠨᠵᠸᠦ᠂ ᠢ ᠡᠤ ᠶᠢᠨ ᠬᠤᠳᠠᠯᠳᠤᠭᠠᠨ ᠤ ᠬᠤᠲᠠ ᠶᠢᠨ ᠬᠤᠳᠠᠯᠳᠤᠭᠠᠴᠢᠳ ᠰᠠᠨᠠᠭᠠᠴᠢᠯᠠᠭ᠎ᠠ ᠠᠴᠠ ᠪᠠᠨ ᠵᠣᠬᠢᠶᠠᠨ ᠪᠠᠶᠢᠭᠤᠯᠵᠤ ᠮᠣᠩᠭᠤᠯ ᠤᠯᠤᠰ ᠲᠤ ᠡᠳ᠋ ᠪᠣᠳᠠᠰ ᠬᠠᠨᠳᠢᠪᠯᠠᠵᠣ᠂ ᠮᠣᠩᠭᠤᠯ ᠤᠯᠤᠰ ᠤᠨ ᠨᠠᠶᠢᠵᠠ ᠨᠠᠷ ᠤᠨ ᠡᠷᠲᠡᠬᠡᠨ ᠬᠦᠴᠢᠷ ᠢ ᠲᠤᠭᠤᠯᠬᠤ ᠶᠢ ᠬᠦᠰᠡᠵᠦ ᠪᠠᠶᠢᠨ᠎ᠠ᠃
                            ᠡᠳ᠋ ᠪᠣᠳᠠᠰ ᠢ ᠺᠤᠨᠰᠦ᠋ᠯ ᠤᠨ ᠭᠠᠵᠠᠷ ᠲᠤ ᠬᠦᠷᠭᠡᠵᠣ ᠪᠠᠶᠢᠭ᠎ᠠ        ᠡᠨᠡ ᠤᠳᠠᠭᠠᠨ ᠤ ᠬᠠᠨᠳᠢᠪᠯᠠᠬᠤ ᠠᠵᠢᠯᠯᠠᠭ᠎ᠠ ᠪᠣᠯ ᠸᠧᠨᠵᠸᠦ ᠬᠤᠳᠠᠯᠳᠣᠭᠠᠨ ᠤ ᠬᠤᠳᠠ ᠶᠢᠨ ᠬᠤᠳᠠᠯᠳᠣᠭᠠᠴᠢᠨ ᠡᠷᠦᠬᠡ ᠨᠦᠭᠦᠳ ᠲᠣᠯᠣᠭᠠᠶᠢᠯᠠᠵᠤ᠂ ᠸᠧᠢᠴᠠᠲ ᠬᠤᠯᠪᠣᠭ᠎ᠠ ᠪᠠᠷ ᠳᠠᠮᠵᠢᠨ ᠰᠠᠨᠠᠭᠠᠴᠢᠯᠠᠭ᠎ᠠ ᠭᠠᠷᠭᠠᠵᠤ᠂ ᠣᠬᠤᠷᠬᠠᠨ ᠬᠡᠳᠦᠨ ᠡᠳᠦᠷ ᠤᠨ ᠳᠣᠳᠣᠷ᠎ᠠ ᠪᠣᠭᠤᠮᠳᠠ ᠶᠢᠨ ᠡᠯ᠎ᠡ ᠦᠨᠳᠦᠰᠦᠲᠡᠨ ᠤ ᠣᠯᠠᠨ ᠲᠦᠮᠡᠨ ᠤ ᠢᠳᠡᠪᠬᠢᠲᠡᠢ ᠬᠠᠷᠢᠭᠤ ᠲᠤᠰᠬᠠᠯ ᠢ ᠣᠯᠵᠠᠶ᠃ ᠡᠭᠦᠨ ᠳᠤ᠂ ᠲᠢᠶᠠᠨ ᠯᠢ ᠬᠤᠳᠠᠯᠳᠤᠭᠠᠨ ᠤ ᠬᠤᠲᠠ ᠶᠢᠨ ᠬᠠᠨᠳᠢᠪᠯᠠᠭᠰᠠᠨ ᠡᠳ᠋ ᠪᠣᠳᠠᠰ ᠢ ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 8 ᠲᠦᠮᠡᠨ ᠲᠥᠭᠦᠷᠢᠭ ᠰᠢᠬᠠᠮ ᠪᠠᠶᠢᠨ᠎ᠠ᠃        ᠬᠤᠳᠠᠯᠳᠤᠭᠠᠴᠢᠨ ᠰᠢᠯᠢᠨ ᠬᠡᠯᠡᠬᠦ ᠳᠤ ᠪᠠᠨ᠄ ︽ᠳᠤᠮᠳᠠᠳᠤ ᠤᠯᠤᠰ ᠲᠤ ᠬᠢᠵᠢᠭ ᠤᠨ ᠪᠠᠢᠳᠠᠯ ᠰᠠᠮᠠᠭᠤᠷᠠᠬᠤ ᠦᠶ᠎ᠡ ᠳᠤ᠂ ᠮᠣᠩᠭᠤᠯ ᠤᠯᠤᠰ ᠤᠨ ᠵᠠᠰᠠᠭ ᠤᠨ ᠣᠷᠳᠣᠨ ᠬᠠᠷᠠᠮ ᠦᠭᠡᠢ ᠵᠣᠷᠢᠭᠤᠯᠵᠤ᠂ ᠮᠠᠨ ᠤ ᠤᠯᠤᠰ ᠤᠨ ᠦᠬᠠᠨ ᠬᠤᠳᠠ ᠳᠤ ᠭᠤᠷᠪᠠᠨ ᠲᠦᠮᠡᠨ ᠬᠤᠨᠢ ᠪᠠᠨ ᠬᠠᠨᠳᠢᠪᠯᠠᠵᠤ᠂ ᠪᠢᠳᠡᠨ ᠤ ᠰᠡᠳᠬᠢᠯ ᠢ ᠳᠣᠭᠳᠣᠯᠤᠭᠤᠯᠪᠠ᠃ ᠣᠳᠣ ᠲᠡᠳᠡ ᠬᠦᠴᠢᠷᠳᠡᠯ ᠳᠤ ᠲᠤᠯᠭᠠᠷᠠᠪᠠ᠂ ᠪᠢᠳᠡ ᠳᠤᠮᠳᠠᠳᠤ ᠤᠯᠤᠰ ᠤᠨ ᠬᠥᠮᠦᠨ ᠪᠣᠯᠤᠭᠰᠠᠨ ᠤ ᠬᠤᠪᠢ ᠳᠤ᠂ ᠮᠣᠩᠭᠤᠯ ᠤᠯᠤᠰ ᠤᠨ ᠬᠠᠮᠤᠭ ᠤᠨ ᠣᠶᠢᠷ᠎ᠠ ᠬᠥᠷᠰᠢ — ᠡᠷᠢᠶᠡᠨ ᠪᠣᠭᠤᠮᠲᠠ ᠶᠢᠨ ᠬᠤᠲᠠ ᠶᠢᠨ ᠠᠷᠠᠳ ᠪᠣᠯᠣᠭᠰᠠᠨ ᠤ ᠬᠤᠪᠢ ᠳᠤ᠂ ᠪᠢᠳᠡ ᠳᠤᠷᠠᠲᠠᠶ᠎ᠠ ᠥᠪᠡᠷ ᠤᠨ ᠥᠴᠦᠬᠡᠨ ᠬᠦᠴᠦ ᠪᠠᠨ ᠰᠢᠪᠬᠠᠨ ᠲᠡᠳᠡᠨ ᠢ ᠬᠠᠪᠰᠤᠷᠤᠨ᠎ᠠ᠃ ᠮᠣᠩᠭᠤᠯ ᠤᠯᠤᠰ ᠨᠢ ᠭᠠᠳᠠᠭᠠᠳᠤ ᠠᠴᠠ ᠣᠷᠣᠭᠤᠯᠬᠤ ᠲᠣᠮᠣ ᠤᠯᠤᠰ ᠤᠨ ᠨᠢᠭᠡ ᠪᠣᠯᠤᠭᠰᠠᠨ ᠤ ᠬᠤᠪᠢ ᠳᠤ᠂ ᠲᠡᠳᠡᠨ ᠤ ᠣᠳᠣ ᠬᠠᠮᠤᠭ ᠤᠨ ᠳᠤᠲᠠᠭᠳᠠᠵᠤ ᠪᠠᠶᠢᠭ᠎ᠠ ᠨᠢ ᠪᠣᠳᠠᠲᠤ ᠪᠣᠳᠠᠰ ᠪᠣᠯᠬᠤ ᠲᠤᠯᠠ ᠪᠢᠳᠡ ᠬᠡᠰᠡᠭ ᠬᠠᠯᠠᠭᠤᠨ ᠰᠡᠳᠬᠢᠯᠳᠣ ᠬᠥᠮᠦᠰ ᠤᠨ ᠬᠠᠨᠳᠢᠪᠯᠠᠭᠰᠠᠨ ᠪᠡᠯᠡᠨ ᠵᠣᠭᠤᠰ ᠢᠶᠠᠷ ᠡᠳ᠋ ᠪᠣᠳᠠᠰ ᠬᠤᠳᠠᠯᠳᠤᠨ ᠠᠪᠴᠣ᠂ ᠮᠣᠩᠭᠤᠯ ᠤᠯᠤᠰ ᠲᠤ ᠳᠠᠮᠵᠢᠭᠤᠯᠤᠨ ᠪᠡᠯᠭᠡᠯᠡᠪᠡ︾ ᠭᠡᠪᠡ᠃        ᠬᠤᠲᠠ ᠶᠢᠨ ᠠᠷᠠᠳ ᠵᠠᠩ ᠯᠢ ᠮᠢᠩ᠄ ︽ᠣᠶᠢᠷ᠎ᠠ ᠶᠢᠨ ᠡᠳᠦᠷ ᠤᠳ ᠲᠤ ᠮᠣᠩᠭᠤᠯ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠡᠷᠢᠶᠡᠨ ᠬᠤᠲᠠ ᠶᠢᠨ ᠠᠷᠠᠳ ᠨᠢᠭᠡᠪᠦᠷᠢ ᠶᠢᠨ ᠰᠡᠳᠬᠢᠯ ᠢ ᠲᠠᠲᠠᠵᠤ ᠪᠠᠶᠢᠨ᠎ᠠ᠃ ᠪᠢ ᠸᠢᠴᠠᠲ ᠤᠨ ᠨᠠᠶᠢᠵᠠ ᠶᠢᠨ ᠲᠣᠭᠤᠷᠢᠭ ᠢᠶᠠᠷ ᠳᠠᠮᠵᠢᠨ ᠸᠧᠨᠵᠸᠦ᠂ ᠢ ᠡᠤ ᠬᠤᠳᠠᠯᠳᠤᠭᠠᠨ ᠤ ᠬᠤᠲᠠ ᠶᠢᠨ ᠬᠢᠨ ᠡᠳ᠋ ᠪᠣᠳᠠᠰ ᠬᠠᠨᠳᠢᠪᠯᠠᠬᠤ ᠠᠵᠢᠯᠯᠠᠭ᠎ᠠ ᠵᠣᠬᠢᠶᠠᠨ ᠪᠠᠢᠭᠤᠯᠵᠤ ᠪᠠᠶᠢᠭ᠎ᠠ ᠶᠢ ᠣᠯᠵᠣ ᠮᠡᠳᠡᠭᠡᠳ᠂ ᠬᠡᠳᠦᠨ ᠨᠠᠶᠢᠵᠠ ᠲᠠᠢ ᠪᠠᠨ ᠬᠠᠮᠲᠤ ᠬᠡᠰᠡᠭ ᠡᠳ᠋ ᠪᠣᠳᠠᠰ ᠢᠶᠠᠨ ᠬᠠᠨᠳᠢᠪᠯᠠᠵᠤ᠂ ᠮᠣᠩᠭᠤᠯ ᠤᠯᠤᠰ ᠤᠨ ︿ᠠᠨᠳᠠ﹀ ᠳᠤ ᠥᠪᠡᠷ ᠤᠨ ᠢᠶᠠᠨ ᠥᠴᠦᠬᠡᠨ ᠨᠡᠮᠡᠷᠢ ᠪᠠᠨ ᠡᠷᠭᠦᠭᠰᠡᠨ ᠪᠠᠶᠢᠨ᠎ᠠ᠃ ᠮᠣᠩᠭᠤᠯ ᠤᠯᠤᠰ ᠬᠢᠵᠢᠭ ᠤᠨ ᠪᠡᠷᠬᠡ ᠪᠠᠶᠢᠳᠠᠯ ᠠᠴᠠ ᠪᠠᠨ ᠡᠷᠲᠡᠬᠡᠨ ᠲᠤᠭᠤᠯᠬᠤ ᠶᠢ ᠬᠦᠰᠡᠵᠦ ᠪᠠᠶᠢᠨ᠎ᠠ᠂ ᠬᠤᠶᠠᠷ ᠤᠯᠤᠰ ᠤᠨ ᠬᠢᠯᠢ ᠶᠢᠨ ᠪᠣᠭᠤᠮᠲᠠ ᠡᠷᠲᠡᠬᠡᠨ ᠬᠡᠪ ᠤᠨ ᠠᠷᠠᠯᠵᠢᠶ᠎ᠠ ᠪᠠᠨ ᠰᠡᠷᠭᠦᠭᠡᠬᠦ ᠶᠢ ᠬᠦᠰᠡᠵᠦ ᠪᠠᠶᠢᠨ᠎ᠠ︾ ᠭᠡᠪᠡ᠃
                                           ᠬᠠᠮᠲᠤ ᠶᠢᠨ ᠰᠡᠭᠦᠳᠡᠷ         ᠳᠤᠮᠳᠠᠳᠤ ᠮᠣᠩᠭᠤᠯ ᠬᠤᠶᠠᠷ ᠤᠯᠤᠰ ᠪᠣᠯ ᠰᠠᠶᠢᠨ ᠬᠥᠷᠰᠢ᠂ ᠰᠠᠶᠢᠨ ᠨᠠᠶᠢᠵᠠ ᠶᠣᠮ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠤᠨ ᠳᠤᠮᠳᠠ ᠪᠠᠰᠠ ᠬᠠᠲᠠᠭᠤ ᠪᠡᠷᠬᠡᠰᠢᠶᠡᠯ ᠢ ᠬᠠᠮᠳᠣᠪᠡᠷ ᠲᠤᠭᠤᠯᠤᠨ᠂ ᠬᠦᠴᠢᠷ ᠪᠡᠷᠬᠡ ᠶᠢ ᠬᠠᠮᠲᠤ ᠪᠠᠷ ᠢᠯᠠᠨ ᠳᠠᠪᠠᠭ᠋ᠣ ᠬᠠᠮᠲᠤᠷᠠᠯᠴᠠᠭᠠᠨ ᠤ ᠬᠠᠭᠤᠳᠠᠰᠤ ᠶᠢ ᠪᠢᠴᠢᠭᠯᠡᠵᠣ ᠪᠠᠶᠢᠨ᠎ᠠ᠃ ᠡᠷᠢᠶᠡᠨ ᠬᠤᠲᠠ ᠨᠢ ᠳᠤᠮᠳᠠᠳᠤ ᠤᠯᠤᠰ ᠠᠴᠠ ᠮᠣᠩᠭᠤᠯ ᠤᠯᠤᠰ ᠲᠤ ᠨᠡᠭᠡᠭᠡᠯᠲᠡ ᠬᠢᠭᠰᠡᠨ ᠬᠠᠮᠤᠭ ᠤᠨ ᠲᠣᠮᠣ ᠪᠣᠭᠤᠮᠲᠠ ᠬᠤᠲᠠ ᠪᠣᠯᠤᠭᠰᠠᠨ ᠤ ᠬᠤᠪᠢ ᠳᠤ ᠳᠤᠮᠳᠠᠳᠤ ᠮᠣᠩᠭᠤᠯ ᠬᠤᠶᠠᠷ ᠤᠯᠤᠰ ᠤᠨ ᠠᠷᠠᠯᠵᠢᠶᠠᠨ ᠤ ᠳᠤᠮᠳᠠ ᠮᠠᠰᠢ ᠴᠢᠬᠤᠯᠠ ᠳᠦᠷᠢ ᠶᠢ ᠲᠣᠭᠯᠠᠵᠤ᠂ ᠮᠣᠩᠭᠤᠯ ᠤᠯᠤᠰ ᠲᠤ ᠬᠠᠨᠳᠣᠭᠤᠯᠣᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠨᠢ ᠶᠡᠷᠦ ᠠᠴᠠ ᠳᠤᠮᠳᠠᠳᠤ ᠮᠣᠩᠭᠤᠯ ᠤᠨ ᠪᠠᠷᠠᠭ᠎ᠠ ᠳᠡᠭᠡᠭᠡᠪᠦᠷᠢ ᠶᠢᠨ ᠶᠡᠷᠦᠩᠬᠡᠶ ᠬᠡᠮᠵᠢᠶᠡᠨ ᠤ 30% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠣᠯᠠᠨ ᠵᠢᠯ ᠤᠨ ᠲᠤᠷᠰᠢ ᠡᠷᠢᠶᠡᠨ ᠬᠤᠲᠠ ᠨᠢ ᠮᠣᠩᠭᠤᠯ ᠤᠯᠤᠰ ᠲᠠᠢ ᠠᠵᠤ ᠠᠬᠤᠶ ᠠᠷᠠᠯᠵᠢᠶ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠣᠯᠠᠨ ᠲᠠᠯ᠎ᠠ ᠪᠠᠷ ᠨᠢᠭᠲᠠ ᠬᠠᠷᠢᠯᠴᠠᠭ᠎ᠠ ᠲᠠᠢ ᠪᠢᠯᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号