ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠭᠤᠤᠯᠯᠠᠨ ᠡᠷᠬᠢᠯᠡᠵᠣ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠭᠤᠷᠢ ᠮᠥᠩᠭᠦᠨ ᠤ | ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ᠂ ᠥᠪᠥᠷ ᠮᠣᠩᠭᠤᠯ ᠤᠨ ᠤᠮᠠᠷᠠᠲᠤ ᠬᠢᠯᠢ ᠰᠠᠶᠢᠨ ᠳᠤᠷ᠎ᠠ ᠶᠢᠨ | ᠦᠢᠯᠡᠴᠢᠯᠡᠬᠡᠨ ᠤ ᠬᠤᠯᠪᠣᠭᠠᠲᠤ ᠬᠤᠷᠠᠯ ᠠᠴᠠ ᠬᠠᠮᠵᠢᠯᠴᠠᠨ ᠡᠷᠭᠢᠯᠡᠭᠰᠡᠨ 2020 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠷᠠᠳᠢᠣ᠋ ᠪᠡᠶ᠎ᠡ ᠶᠢᠨ ᠲᠠᠮᠢᠷ ᠤᠨ ᠤᠷᠤᠯᠳᠤᠭᠠᠨ 11 ᠰᠠᠷ᠎ᠠ ᠶᠢᠨ 21 ᠤ ᠡᠳᠦᠷ ᠠᠴᠠ | 23 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠪᠠ᠃ | | | ᠤᠷᠤᠯᠳᠤᠭᠠᠨ ᠤ ᠠᠬᠤᠢ ᠲᠠᠯᠠᠪᠠᠢ | ᠪᠥᠬᠦ ᠣᠷᠣᠨ ᠤ 12 ᠠᠶᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠶᠢᠨ 18 | ᠲᠥᠯᠥᠭᠡᠯᠡᠭᠴᠢ ᠶᠢᠨ ᠠᠩᠭᠢ ᠲᠣᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ ᠬᠠᠮᠤᠭ ᠡᠴᠦᠰ ᠲᠤ᠂ | ᠤᠷᠤᠯᠳᠤᠭᠠᠨ ᠠᠴᠠ ᠨᠡᠶᠢᠲᠡ 15 ᠱᠠᠩᠨᠠᠯ ᠭᠠᠷᠳᠠᠭᠤᠯᠵᠣ᠂ ᠡᠷᠢᠶᠡᠨ ᠬᠤᠲᠠ ᠶᠢᠨ ᠲᠥᠯᠥᠭᠡᠯᠡᠭᠴᠢᠳ ᠤᠨ ᠠᠩᠭᠢ | ᠨᠢᠭᠡᠳᠦᠭᠡᠷ ᠳᠡᠰ ᠤᠨ ᠱᠠᠩᠨᠠᠯ ᠬᠦᠷᠳᠡᠭᠰᠡᠨ ᠰᠠᠶᠢᠨ ᠬᠢᠷᠢ ᠪᠦᠲᠦᠮᠵᠢ ᠣᠯᠪᠠ᠂ ᠡᠨᠡ ᠨᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠤᠯᠠᠮ ᠨᠢᠭᠡ ᠠᠯᠬᠤᠮ | ᠲᠦᠯᠬᠢᠨ ᠠᠬᠢᠭᠤᠯᠵᠣ᠂ ᠡᠷᠡᠭᠦᠯ ᠡᠩᠬᠡ ᠡᠷᠢᠶᠡᠨ ᠤ ᠪᠠᠶᠢᠭᠤᠯᠤᠯᠲᠠ ᠶᠢ ᠲᠦᠷᠭᠡᠳᠭᠡᠨ᠂ ᠮᠠᠨ ᠤ ᠬᠤᠲᠠ ᠶᠢᠨ | ᠠᠷᠠᠳ ᠣᠯᠠᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ᠂ ᠨᠡᠶᠢᠭᠡᠮ ᠤᠨ ᠡᠯ᠎ᠡ | ᠡᠲᠡᠭᠡᠳ ᠤᠨ ᠬᠢᠨ ᠢ ᠳᠠᠶᠢᠴᠢᠯᠠᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠶ | ᠣᠷᠣᠯᠴᠠᠭᠤᠯᠵᠤ᠂ ᠮᠠᠨ ᠤ ᠬᠤᠲᠠ ᠳᠤ ᠷᠠᠳᠢᠣ᠋ ᠲᠠᠮᠢᠷ ᠪᠣᠯᠤᠨ ᠠᠵᠢᠯ ᠤᠨ ᠵᠠᠪᠰᠠᠷ ᠤᠨ ᠪᠡᠶ᠎ᠡ ᠶᠢᠨ ᠲᠠᠮᠢᠷ ᠤᠨ | ᠠᠵᠢᠯᠯᠠᠭ᠎ᠠ ᠶᠢᠨ ᠦᠷᠨᠢᠯᠳᠡ ᠶᠢ ᠪᠣᠢ ᠪᠣᠯᠭᠠᠵᠣ᠂ ᠨᠠᠩ ᠣᠯᠠᠨ ᠠᠷᠠᠳ ᠲᠦᠮᠡᠨ ᠢ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ ᠴᠢᠭᠢᠷᠠᠭ ᠠᠮᠢᠳᠤᠷᠠᠯ ᠤᠨ | ᠠᠷᠭ᠎ᠠ ᠮᠠᠶ᠋ᠢᠭ ᠢ ᠪᠤᠢ ᠪᠣᠯᠭᠠᠬᠤ ᠶᠣᠮ᠃ | | ᠡᠷᠢᠶᠡᠨ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠬᠠᠮᠲᠤ ᠶᠢᠨ ᠰᠡᠭᠦᠳᠡᠷ |