ᠰᠢᠨ᠎ᠡ ᠠᠷᠭ᠎ᠠ ᠬᠡᠮᠵᠢᠶ᠎ᠡ — ᠲᠡᠨᠦᠭᠦᠯ ᠭᠤᠶᠢᠷᠠᠨᠴᠢᠳ ᠢ ᠠᠪᠤᠷᠠᠨ ᠳᠣᠰᠠᠯᠠᠬᠤ ᠬᠠᠮᠢᠶᠠᠷᠣᠯᠳᠠ ᠶᠢᠨ 6 ᠬᠢᠨᠠᠯᠲᠠ ᠳᠠᠯᠪᠢᠭᠴᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠪᠠ
ᠨᠡᠶᠢᠲᠡᠯᠡᠭᠰᠡᠨ ᠴᠠᠭ᠄
2020/11/26
       ᠲᠡᠨᠦᠭᠦᠯ ᠭᠤᠶᠢᠷᠠᠨᠴᠢᠳ ᠤᠨ ᠬᠠᠮᠢᠶᠠᠷᠣᠯᠳᠠ ᠦᠢᠯᠡᠴᠢᠯᠡᠬᠡᠨ ᠤ ᠠᠵᠢᠯ ᠢ ᠴᠢᠩᠭᠠᠳᠬᠠᠨ᠂ ᠠᠪᠤᠷᠠᠨ ᠲᠤᠰᠠᠯᠠᠬᠤ ᠠᠵᠢᠯ ᠤᠨ ᠰᠢᠨ᠎ᠡ ᠠᠷᠭ᠎ᠠ ᠶᠢ ᠬᠠᠶᠢᠨ ᠰᠦᠪᠡᠭᠴᠢᠯᠡᠵᠦ᠂ ᠠᠪᠤᠷᠠᠨ ᠲᠤᠰᠠᠯᠠᠬᠤ ᠠᠵᠢᠯ ᠤᠨ ᠨᠡᠶᠢᠭᠡᠮ ᠤᠨ ᠢᠲᠡᠭᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠳᠣᠯᠠᠳᠠ᠂ 11 ᠰᠠᠷ᠎ᠠ ᠶᠢᠨ 24 ᠤ ᠡᠳᠦᠷ᠂ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠦᠢᠯᠡᠴᠢᠯᠡᠬᠡᠨ ᠤ ᠲᠥᠪ ᠠᠴᠠ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯ ᠤᠨ ᠣᠨᠴᠠ ᠤᠷᠢᠭᠰᠠᠨ ᠨᠡᠶᠢᠭᠡᠮ ᠤᠨ ᠬᠢᠨᠠᠯᠲᠠ ᠳᠠᠯᠪᠢᠭᠴᠢ ᠳᠤ ᠦᠨᠡᠮᠯᠡᠯ ᠭᠠᠷᠳᠠᠭᠤᠯᠬᠤ ᠶᠣᠰᠣᠯᠠᠯ ᠢ ᠶᠠᠪᠣᠭᠳᠠᠭᠤᠯᠪᠠ᠃
                               ᠶᠣᠰᠣᠯᠠᠯ ᠤᠨ ᠠᠬᠤᠢ ᠳᠠᠯᠠᠪᠠᠢ
             ᠨᠡᠶᠢᠭᠡᠮ ᠤᠨ ᠬᠢᠨᠠᠯᠲᠠ ᠲᠠᠯᠪᠢᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠵᠣ ᠪᠠᠶᠢᠭ᠎ᠠ        ᠦᠨᠡᠮᠯᠡᠯ ᠣᠯᠭᠤᠬᠤ ᠶᠣᠰᠣᠯᠠᠯ ᠳᠡᠭᠡᠷ᠎ᠡ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡᠨ ᠤ ᠦᠨᠳᠦᠰᠦᠨ ᠠᠵᠢᠯ ᠤᠨ ᠪᠠᠶᠢᠳᠠᠯ ᠪᠠ ᠨᠡᠶᠢᠭᠡᠮ ᠤᠨ ᠬᠢᠨᠠᠯᠳᠠ ᠳᠠᠯᠪᠢᠭᠴᠢ ᠶᠢᠨ ᠬᠠᠮᠢᠶ᠎ᠠ ᠪᠥᠬᠦᠶ ᠲᠦᠷᠢᠮ᠂ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠨᠠᠷᠢᠯᠢᠭ ᠲᠠᠨᠢᠯᠴᠠᠭᠤᠯᠵᠤ᠂ ᠬᠢᠨᠠᠯᠲᠠ ᠲᠠᠯᠪᠢᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠳᠠᠷᠠᠭ᠎ᠠ ᠳᠤ ᠨᠢ᠂ ᠨᠡᠶᠢᠭᠡᠮ ᠤᠨ ᠬᠢᠨᠠᠯᠲᠠ ᠲᠠᠯᠪᠢᠭᠴᠢ ᠶᠢ ᠳᠠᠭᠠᠭᠤᠯᠤᠨ ᠥᠷᠲᠡᠭᠡᠨ ᠳᠣᠲᠣᠷᠠᠬᠢ ᠦᠢᠯᠡᠴᠢᠯᠡᠬᠡᠨ ᠤ ᠲᠦᠭᠦᠭᠡᠷᠦᠮᠵᠢ ᠵᠢᠴᠢ ᠥᠷᠲᠡᠭᠡᠨ ᠳᠣᠲᠣᠷᠠᠬᠢ ᠬᠠᠮᠢᠶᠠᠷᠤᠭᠳᠠᠬᠤ ᠡᠲᠡᠭᠡᠳ ᠲᠤ ᠦᠢᠯᠡᠴᠢᠯᠡᠵᠣ ᠪᠠᠶᠢᠭ᠎ᠠ ᠪᠠᠶᠢᠳᠠᠯ ᠢ ᠳᠣᠭᠤᠷᠢᠨ ᠦᠵᠡᠪᠡ᠃
     ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠶᠢ ᠲᠣᠭᠤᠷᠢᠨ ᠦᠵᠡᠵᠣ ᠪᠠᠶᠢᠭ᠎ᠠ         ᠣᠶᠢᠯᠠᠭᠠᠭᠰᠠᠨ ᠢᠶᠠᠷ᠂ ᠲᠣᠰ ᠤᠳᠠᠭᠠᠨ ᠤ ᠨᠡᠶᠢᠭᠡᠮ ᠤᠨ ᠬᠢᠨᠠᠯᠲᠠ ᠳᠠᠯᠪᠢᠭᠴᠢᠳ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠯᠠᠭᠤᠨ ᠰᠡᠳᠬᠢᠯᠳᠣ ᠬᠥᠮᠦᠰ ᠵᠡᠷᠭᠡ ᠨᠡᠶᠢᠭᠡᠮ ᠤᠨ ᠡᠯ᠎ᠡ ᠡᠲᠡᠭᠡᠳ ᠤᠨ 6 ᠬᠥᠮᠦᠰ ᠢᠶᠠᠷ ᠪᠦᠷᠢᠯᠳᠦᠵᠡᠶ᠃ ᠲᠡᠳᠡ ︽ᠦᠨᠡᠨ ᠠᠴᠠ ᠵᠥᠪ ᠢ ᠡᠷᠢᠵᠦ᠂ ᠣᠯᠠᠨ ᠲᠦᠮᠡᠨ ᠲᠠᠢ ᠬᠠᠷᠢᠯᠴᠠᠬᠤ︾ ᠵᠠᠷᠴᠢᠮ ᠢ ᠪᠠᠷᠢᠮᠲᠠᠯᠠᠵᠤ᠂ ᠲᠤᠰ ᠲᠤᠰ ᠤᠨ ᠢᠶᠠᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠣᠮᠵᠢ ᠶᠢᠨ ᠠᠵᠢᠯᠲᠠᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠳᠠ ᠬᠢᠵᠣ᠂ ᠣᠯᠠᠨ ᠲᠦᠮᠡᠨ ᠤ ᠰᠠᠨᠠᠯ ᠢ ᠲᠤᠰᠬᠠᠬᠤ ᠪᠠ ᠳᠠᠮᠵᠢᠭᠤᠯᠵᠤ᠂ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠤᠰᠤᠳᠴᠢ ᠪᠠᠷ ᠦᠨᠡᠯᠡᠨ᠎ᠡ᠃        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠶᠤᠤ ᠬᠤᠩ ᠵᠢᠶᠧ᠄ ︽ᠲᠡᠨᠦᠭᠦᠯ ᠭᠤᠶᠢᠷᠠᠨᠴᠢ ᠶᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯ ᠤᠨ ᠨᠡᠶᠢᠭᠡᠮ ᠤᠨ ᠬᠢᠨᠠᠯᠲᠠ ᠲᠠᠯᠪᠢᠭᠴᠢ ᠪᠣᠯᠤᠭᠰᠠᠨ ᠢᠶᠠᠨ ᠮᠢᠨᠦ ᠠᠵᠠ ᠵᠠᠪᠰᠢᠶᠠᠨ ᠭᠡᠵᠣ ᠦᠵᠡᠵᠣ ᠪᠠᠶᠢᠨ᠎ᠠ᠃ ᠬᠤᠶᠢᠰᠢᠳᠠ ᠠᠪᠤᠷᠠᠨ ᠲᠤᠰᠠᠯᠠᠬᠤ ᠠᠵᠢᠯ ᠤᠨ ᠲᠣᠭᠤᠷᠢᠨ ᠳᠤ ᠡᠭᠦᠷᠭᠡ ᠴᠢᠳᠠᠪᠤᠷᠢ ᠪᠠᠨ ᠯᠠᠪᠳᠠᠢ ᠭᠦᠢᠴᠡᠳᠭᠡᠵᠣ᠂ ᠴᠢᠩᠭ᠎ᠠ ᠬᠢᠨᠠᠯᠳᠠ ᠳᠠᠯᠪᠢᠨ᠎ᠠ︾ ᠭᠡᠪᠡ᠃
             
                     ᠬᠡᠰᠡᠭ ᠬᠢᠨᠠᠯᠲᠠ ᠲᠠᠯᠪᠢᠭᠴᠢ ᠶᠢᠨ ᠬᠠᠮᠲᠤ ᠶᠢᠨ ᠰᠡᠭᠦᠳᠡᠷ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号