ᠨᠢᠭᠤᠴᠠ ᠪᠠᠷ ᠠᠷᠠᠯᠵᠢᠶᠠᠯᠠᠭᠰᠠᠨ ᠫᠤᠤ ᠵᠡᠪᠰᠡᠭ᠂ ᠰᠢᠵᠢᠷ ᠠᠯᠲᠠ ᠵᠡᠷᠭᠡ ᠬᠦᠨᠳᠦ ᠶᠡᠭᠡ ᠬᠡᠷᠡᠭ ᠢ ᠵᠠᠭᠤ ᠭᠠᠷᠤᠶ ᠪᠠᠶᠢᠴᠠᠭᠠᠨ ᠭᠠᠷᠭᠠᠪᠠ︕ ︽ᠤᠯᠤᠰ ᠤᠨ ᠡᠭᠦᠳᠡᠨ ᠤ ᠬᠠᠮᠠᠭᠠᠯᠠᠭᠴᠢ︾ ᠳᠤ ᠬᠦᠨᠳᠦᠳᠬᠡᠯ ᠳᠡᠪᠰᠢᠭᠦᠯᠦᠶ᠎ᠡ
ᠨᠡᠶᠢᠲᠡᠯᠡᠭᠰᠡᠨ ᠴᠠᠭ᠄
2020/11/30
   34 ᠵᠢᠯ ᠤᠨ ᠡᠮᠦᠨ᠎ᠡ᠂ ᠶᠠᠩ ᠽᠦᠸᠧ ᠵᠢᠶᠦ᠋ᠨ ᠬᠡᠬᠦᠳᠡᠭ ᠳᠦᠭᠦᠷᠡᠩ ᠣᠮᠣᠭᠰᠢᠯ ᠲᠠᠢ ᠪᠠᠷ ᠤᠮᠠᠷᠠᠲᠤ ᠬᠢᠯᠢ ᠶᠢᠨ ᠤᠯᠤᠰ ᠤᠨ ᠡᠭᠦᠳᠡᠨ ᠤ ︽ᠪᠣᠭᠤᠮᠲᠠ ᠰᠠᠬᠢᠭᠴᠢ︾ ᠪᠣᠯᠪᠠ︕
    ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢ ᠬᠠᠮᠠᠭᠠᠯᠠᠬᠤ ᠶᠢᠨ ᠲᠥᠯᠥᠭᠡ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠠᠮᠠᠷᠠᠯᠲᠠ ᠶᠢᠨ ᠡᠳᠦᠷ ᠪᠣᠭᠤᠮᠲᠠ ᠥᠩᠭᠡᠷᠡᠬᠦ ᠪᠠ ︽5 + 2︾᠂ ︽ ᠡᠳᠦᠷ ᠰᠦᠨᠢ︾ ᠭᠡᠬᠦ ᠠᠵᠢᠯ ᠤᠨ ᠵᠠᠭᠪᠤᠷ ᠢ ᠬᠡᠷᠡᠭᠵᠢᠭᠦᠯᠵᠦ᠂ ᠪᠥᠬᠦ ᠵᠢᠯ ᠳᠤ ᠵᠥᠪᠬᠡᠨ 15 ᠡᠳᠦᠷ ᠡᠭᠦᠳᠡ ᠪᠠᠨ ᠬᠠᠭᠠᠪᠠ᠃ ᠡᠳᠦᠷ ᠪᠦᠷᠢ ᠶᠢᠨ ᠠᠵᠢᠯᠯᠠᠬᠤ ᠴᠠᠭ ᠨᠢ 10 ᠴᠠᠭ  ᠪᠠᠶᠢᠳᠠᠭ᠃    ᠶᠠᠩ ᠽᠦᠸᠧ ᠵᠢᠶᠦ᠋ᠨ ᠡᠳᠦᠷ ᠪᠦᠷᠢ ᠮᠢᠩᠭ᠎ᠠ ᠭᠠᠷᠤᠶ ᠬᠢᠯᠢ ᠪᠠᠷ ᠣᠷᠣᠵᠤ ᠭᠠᠷᠬᠤ ᠲᠡᠷᠭᠡ ᠬᠥᠰᠬᠡ᠂ 3000 ᠭᠠᠷᠤᠶ ᠬᠢᠯᠢ ᠪᠠᠷ ᠣᠷᠣᠵᠤ ᠭᠠᠷᠬᠤ ᠠᠶᠠᠨᠴᠢᠳ ᠤᠨ ᠡᠮᠦᠨ᠎ᠡ᠂ ᠬᠠᠬᠢᠷ ᠬᠦᠢᠲᠡᠨ ᠠᠭᠠᠭᠢᠮ᠎ᠠ ᠬᠠᠯᠠᠭᠤᠨ ᠬᠡᠳᠦᠨ ᠠᠷᠪᠠᠨ ᠵᠢᠯ ᠨᠢᠭᠡ ᠡᠳᠦᠷ ᠰᠢᠭ  ᠠᠵᠢᠯᠯᠠᠳᠠᠭ᠃
    ᠵᠢᠯ ᠲᠤᠷᠰᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠪᠠᠶᠢᠭᠠᠳ ᠶᠠᠩ ᠽᠦᠸᠧ ᠵᠢᠶᠦ᠋ᠨ ︽ᠨᠢᠬᠡ ᠳᠤ ᠦᠵᠡᠬᠦ᠂ ᠬᠤᠶᠠᠷ ᠲᠤ ᠰᠣᠩᠭᠤᠬᠤ᠂ ᠭᠤᠷᠪᠠ ᠳᠤ ᠢᠯᠭᠠᠬᠤ︾ ︽ᠶᠠᠩ ᠣᠪᠣᠭᠲᠤ ᠶᠢᠨ ᠠᠵᠢᠯ ᠤᠨ ᠠᠷᠭ᠎ᠠ︾ ᠶᠢ ᠳ᠋ᠦᠩᠨᠡᠨ ᠭᠠᠷᠭᠠᠵᠤ᠂ ᠮᠠᠰᠢ ᠣᠯᠠᠨ ᠡᠷᠬᠢᠮ ᠨᠠᠨᠳᠢᠨ ᠪᠠᠶᠢᠴᠠᠭᠠᠨ ᠰᠢᠯᠭᠠᠭᠰᠠᠨ ᠲᠤᠷᠰᠢᠯᠭ᠎ᠠ  ᠬᠤᠷᠠᠮᠳᠣᠭᠤᠯᠪᠠ᠃ ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠪᠣᠭᠤᠮᠲᠠ ᠪᠠᠷ ᠥᠩᠭᠡᠷᠡᠬᠦ ᠬᠤᠷᠳᠤᠴᠠ ᠶᠢ ᠶᠡᠬᠡᠪᠡᠷ  ᠳᠡᠭᠡᠭᠰᠢᠯᠡᠬᠦᠯᠵᠦ᠂ ᠪᠦᠬᠦ ᠪᠣᠭᠤᠮᠲᠠ ᠶᠢᠨ ᠣᠷᠣᠨ ᠤ ᠪᠦᠬᠦ᠋ᠢᠯᠡ ᠠᠶᠠᠨᠴᠢᠳ ᠤᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠬᠢᠨᠠᠨ ᠬᠠᠮᠢᠶᠠᠷᠬᠤ ᠠᠵᠢᠯ ᠳᠤ ᠠᠬᠢᠭᠤᠯᠬᠤ  ᠦᠢᠯᠡᠳᠦᠯ ᠦᠵᠡᠭᠦᠯᠪᠡ᠃ ᠶᠠᠩ ᠽᠦᠸᠧ ᠵᠢᠶᠦ᠋ᠨ ᠤ ᠡᠭᠦᠳᠦᠭᠰᠡᠨ ︽ᠪᠢᠴᠢᠬᠠᠨ ᠲᠡᠮᠦᠷ ᠰᠢᠳᠠᠮ ᠤᠨ ᠠᠵᠢᠯ ᠤᠨ ᠬᠠᠤᠯᠢ︾ ᠨᠢ ︽ᠠᠷᠠᠳ ᠤᠨ ᠡᠳᠦᠷ ᠤᠨ ᠰᠣᠨᠢᠨ︾ ︽ᠶᠡᠷᠦᠩᠬᠡᠶ ᠵᠠᠬᠢᠷᠭ᠎ᠠ ᠶᠢᠨ ᠳᠠᠯᠳᠠᠭᠤᠷ ᠠᠷᠠᠯᠵᠢᠶᠠᠯᠠᠭᠰᠠᠳ ᠢ ᠪᠠᠷᠢᠪᠴᠢᠯᠠᠬᠤ ᠴᠢᠬᠤᠯᠠ ᠤᠴᠢᠷ︾ ︽ᠳᠤᠮᠳᠠᠳᠤ ᠤᠯᠤᠰ ᠤᠨ ᠪᠣᠭᠤᠮᠲᠠ︾ ︽ᠠᠯᠲᠠᠨ ᠲᠦᠯᠬᠢᠭᠦᠷ︾ ᠵᠡᠷᠭᠡ ᠣᠯᠠᠨ ᠭᠤᠤᠯ ᠵᠠᠭᠤᠴᠢᠯᠠᠭᠤᠷ ᠤᠨ ᠮᠡᠳᠡᠭᠡᠯᠡᠯ ᠢ ᠭᠥᠷᠳᠡᠭᠰᠡᠨ ᠪᠠᠶᠢᠨ᠎ᠠ᠃
     ᠪᠣᠭᠤᠮᠲᠠ ᠴᠤ ᠶᠡᠷᠦ ᠠᠴᠠ ᠨᠢᠭᠤᠴᠠ ᠪᠠᠷ ᠠᠷᠠᠯᠵᠢᠶᠠᠯᠠᠬᠤ ᠪᠠ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠭᠠᠷ ᠢᠷᠡᠵᠡᠢ᠃ ᠬᠢᠨᠠᠨ ᠬᠠᠮᠢᠶᠠᠷᠬᠤ ᠨᠢᠭᠡᠳᠦᠭᠡᠷ ᠹᠷᠣᠨᠲ ᠲᠤ  ᠪᠠᠶᠢᠭ᠎ᠠ ᠶᠠᠩ ᠽᠦᠸᠧ ᠵᠢᠶᠦ᠋ᠨ ᠲᠡᠮᠦᠷ ᠳᠠᠪᠲᠠᠬᠤ ᠳᠤ ᠡᠷᠬᠡᠪᠰᠢ ᠦᠪᠡᠷ ᠤᠨ ᠪᠡᠶ᠎ᠡ ᠨᠢ ᠬᠠᠲᠠᠭᠤ ᠪᠠᠶᠢᠬᠤ ᠶᠣᠰᠣ ᠤᠴᠢᠷ ᠢ ᠭᠦᠨᠵᠡᠭᠡᠶ ᠲᠠᠨᠢᠵᠤ᠂ ᠢᠯᠵᠠᠷᠠᠯ ᠢ  ᠡᠰᠡᠷᠬᠦᠴᠡᠨ᠂ ᠲᠠᠰᠤᠷᠠᠯᠲᠠ ᠦᠭᠡᠢ ᠰᠤᠷᠤᠯᠴᠠᠵᠤ᠂ ᠴᠢᠳᠠᠪᠤᠷᠢ ᠪᠠᠨ  ᠳᠡᠭᠡᠭᠰᠢᠯᠡᠬᠦᠯᠪᠡ᠃    ᠶᠠᠩ ᠽᠦᠸᠧ ᠵᠢᠶᠦ᠋ᠨ ᠲᠡᠷᠭᠡᠨ ᠳᠣᠲᠣᠷ᠎ᠠ ᠳᠠᠬᠢᠨ ᠳᠠᠪᠲᠠᠨ ᠣᠷᠣᠵᠤ ᠰᠠᠭᠤᠳᠠᠯ ᠳᠣᠣᠷᠠᠬᠢ ᠢᠪᠴᠤᠤ ᠴᠢᠬᠤᠯ ᠣᠷᠣᠨ ᠵᠠᠢ ᠶᠢ ᠪᠠᠶᠢᠴᠠᠭᠠᠨ ᠦᠵᠡᠵᠦ᠂ ᠭᠠᠷ ᠬᠠᠯᠠᠭᠠᠬᠤ ᠡᠮᠦᠨᠡᠬᠢ ᠮᠠᠰᠢᠨ ᠤ ᠬᠠᠪᠬᠠᠭᠠᠰᠤ ᠶᠢ ᠨᠡᠭᠡᠭᠡᠵᠦ᠂ ᠠᠷᠤ ᠲᠠᠯ᠎ᠠ ᠶᠢᠨ ᠬᠠᠶᠢᠷᠴᠠᠭ ᠢ ᠨᠡᠭᠡᠭᠡᠵᠦ ᠪᠠᠶᠢᠴᠠᠭᠠᠨ᠎ᠠ᠃ ᠥᠨᠳᠥᠷ ᠳᠤᠯᠠᠭᠠᠨ ᠳᠤ ᠰᠢᠷᠠᠭᠳᠠᠭᠰᠠᠨ ᠪᠠᠷᠤᠭᠰᠢᠨ ᠵᠠᠮ ᠳᠡᠭᠡᠷ᠎ᠡ ᠲᠡᠷᠭᠡᠨ  ᠳᠣᠭᠤᠣᠷ ᠰᠢᠷᠭᠤᠨ ᠣᠷᠣᠵᠤ᠂ ᠨᠢᠭᠤᠴᠠ ᠪᠠᠷ ᠠᠷᠠᠯᠵᠢᠶᠠᠯᠠᠭᠴᠢ ᠶᠢ ᠨᠢᠭᠤᠬᠤ ᠭᠠᠵᠠᠷ ᠦᠭᠡᠢ ᠪᠣᠯᠭᠠᠨ᠎ᠠ᠃
    ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠶᠠᠩ ᠽᠦᠸᠧ ᠵᠢᠶᠦ᠋ᠨ ᠦᠷᠭᠦᠯᠵᠢᠯᠡᠨ PVS-450 ᠵᠢᠵᠢᠭ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠰᠢᠰᠲ᠋ᠧᠮ ᠢ ᠰᠣᠷᠣᠯᠴᠠᠵᠦ᠂ ᠬᠡᠷᠬᠢᠨ ᠵᠢᠷᠤᠭ ᠲᠠᠨᠢᠬᠤ᠂ ᠵᠢᠷᠤᠭ ᠮᠠᠭᠠᠳᠯᠠᠬᠤ ᠶᠢ ᠰᠤᠷᠤᠯᠴᠠᠪᠠ᠃ 30 ᠭᠠᠷᠤᠶ ᠵᠢᠯ ᠤᠨ ᠲᠤᠷᠰᠢ᠂ ᠲᠡᠷᠡ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ ᠨᠡᠶᠢᠲᠡ 400 ᠭᠠᠷᠤᠶ ᠪᠠᠶᠢᠴᠠᠭᠠᠵᠦ᠂ ᠫᠤᠤ ᠵᠡᠪᠰᠡᠭ᠂ ᠰᠢᠵᠢᠷ ᠠᠯᠳᠠ᠂  ᠣᠰᠠᠳᠬᠤ ᠰᠢᠬᠠᠭᠰᠠᠨ ᠠᠮᠢᠲᠠᠨ ᠵᠢᠴᠢ ᠲᠡᠭᠦᠨ ᠢᠶᠠᠷ ᠬᠢᠭᠰᠡᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠭᠰᠠᠨ ᠵᠡᠷᠭᠡ ᠬᠦᠨᠳᠦ ᠶᠡᠭᠡ ᠬᠡᠷᠡᠭ ᠢ 100 ᠭᠠᠷᠤᠶ ᠪᠠᠶᠢᠴᠠᠭᠠᠨ ᠭᠠᠷᠭᠠᠵᠤ᠂ ᠴᠠᠰᠤᠨ ᠢᠷᠪᠢᠰ᠂ ᠴᠢᠨ᠋ᠸ᠎ᠠ᠂ ᠲᠠᠷᠪᠠᠭᠠᠨ ᠠᠷᠠᠰᠤ ᠵᠡᠷᠭᠡ  ᠣᠰᠠᠳᠬᠤ ᠰᠢᠬᠠᠭᠰᠠᠨ ᠠᠮᠢᠲᠠᠨ ᠤ ᠪᠦᠲᠦᠭᠡᠭᠳᠡᠬᠦᠨ ᠮᠢᠩᠭ᠎ᠠ ᠰᠢᠬᠠᠮ  ᠪᠠᠶᠢᠪᠠ  ᠃ ᠤᠯᠤᠰ  ᠤᠨ ᠡᠭᠦᠳᠡᠨ ᠤ ᠠᠮᠤᠷ ᠲᠦᠪᠰᠢᠨ ᠢ ᠬᠠᠮᠠᠭᠠᠯᠠᠬᠤ ᠳᠤ ᠳᠣᠪᠣᠶᠢᠮ᠎ᠠ ᠬᠤᠪᠢ ᠨᠡᠮᠡᠷᠢ ᠦᠵᠡᠭᠦᠯᠵᠡᠶ᠃
       ᠡᠷᠬᠢᠮ ᠳᠡᠭᠡᠳᠦ  ᠦᠢᠯᠡᠰ ᠢ ᠪᠦᠲᠦᠭᠡᠬᠦ ᠳᠤ ᠵᠣᠷᠢᠭ  ᠪᠠᠶᠢᠵᠦ᠂ ᠥᠷᠭᠡᠨ ᠳᠡᠯᠭᠡᠷ ᠦᠢᠯᠡᠰ ᠲᠤ ᠠᠵᠢᠯᠴᠢ ᠬᠥᠳᠡᠯᠮᠦᠷᠢᠴᠢ ᠪᠠᠶᠢᠬᠤ ᠬᠡᠷᠡᠭᠲᠡᠶ᠃ ᠡᠳᠡᠭᠡᠷ ᠵᠢᠯ ᠤᠳ ᠲᠤ᠂ ᠶᠠᠩ ᠽᠦᠸᠧ ᠵᠢᠶᠦ᠋ᠨ ᠤᠷᠢᠳ ᠬᠤᠵᠢᠳ ᠬᠥᠬᠡᠬᠤᠲᠠ ᠪᠣᠭᠤᠮᠲᠠ ᠶᠢᠨ ᠭᠤᠷᠪᠠᠳᠤᠭᠠᠷ ᠳᠡᠰ ᠤᠨ ᠭᠠᠪᠢᠶ᠎ᠠ 2 ᠤᠳᠠᠭ᠎ᠠ᠂ ᠬᠥᠬᠡᠬᠤᠲᠠ ᠪᠣᠭᠤᠮᠲᠠ ᠶᠢᠨ ᠱᠠᠩᠨᠠᠯ ᠢ 7 ᠤᠳᠠᠭ᠎ᠠ ᠬᠦᠷᠲᠡᠵᠦ᠂ ᠡᠷᠢᠶᠡᠨ ᠪᠣᠭᠤᠮᠲᠠ ᠶᠢᠨ ᠲᠡᠷᠢᠭᠦᠨ ᠤ ᠬᠤᠪᠢ ᠬᠥᠮᠦᠨ᠂ ᠰᠢᠯᠢᠳᠡᠭ ᠠᠯᠪᠠᠲᠠᠨ᠂ ᠠᠵᠢᠯ ᠤᠨ ᠪᠠᠶᠢᠷᠢ ᠶᠢᠨ ᠴᠢᠳᠠᠪᠤᠷᠢᠲᠠᠨ ᠢᠶᠠᠷ ᠦᠨᠡᠯᠡᠭᠳᠡᠪᠡ᠃ 2015 ᠣᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠷᠢᠭᠦᠨ ᠤ ᠠᠵᠢᠯᠲᠠᠨ ᠤ ᠢᠷᠠᠭᠤ ᠠᠯᠳᠠᠷ ᠢ ᠬᠦᠷᠲᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号