ᠪᠦᠬᠦ ᠬᠤᠲᠠ ᠶᠢᠨ 2020 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ  ᠭᠤᠷᠪᠠᠳᠣᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/4
      11 ᠰᠠᠷ᠎ᠠ ᠶᠢᠨ 3 ᠤ ᠡᠳᠦᠷ᠂ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠳᠡᠮᠡᠴᠡᠯ  ᠤᠨ ᠤᠳᠤᠷᠢᠳᠬᠤ ᠳᠤᠭᠤᠶᠢᠯᠠᠩ 2020 ᠣᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠬᠤᠩ ᠬᠤᠷᠠᠯ ᠳᠤ ᠣᠷᠣᠯᠴᠠᠵᠤ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠷᠦᠬᠡ ᠬᠤᠷᠠᠯ ᠡᠷᠭᠢᠯᠡᠪᠡ᠃ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ  ᠤᠨ ᠬᠠᠮᠢᠶ᠎ᠠ ᠪᠥᠬᠦᠶ ᠳᠡᠳ᠋ ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠳᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ ᠤᠨ ᠪᠥᠬᠦ ᠬᠥᠮᠦᠰ ᠬᠤᠷᠠᠯ ᠳᠤ ᠣᠷᠣᠯᠴᠠᠵᠠᠶ᠃
                          ᠬᠤᠷᠠᠯ ᠤᠨ ᠠᠬᠤᠶ ᠲᠠᠯᠠᠪᠠᠶ       ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠵᠡᠷᠭᠡ 5 ᠨᠢᠭᠡᠴᠡ ︽ᠵᠢᠷᠭᠤᠭ᠎ᠠ ᠶᠢ ᠢᠯᠭᠠᠷᠠᠭᠤᠯᠬᠤ︾ ᠠᠵᠢᠯᠯᠠᠭ᠎ᠠ ᠶᠢᠨ ᠲᠣᠭᠤᠷᠢᠨ ᠳᠤ ᠲᠣᠰ ᠰᠠᠯᠠᠭ᠎ᠠ ᠮᠥᠴᠢᠷ ᠤᠨ ᠢᠶᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃        ᠶᠠᠨ ᠬᠤᠩ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠬᠤᠷᠠᠯ ᠤᠨ ᠭᠤᠣᠯ ᠡᠭᠦᠷᠭᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠰᠢᠯᠢ ᠶᠢᠨ ᠭᠤᠣᠯ ᠠᠶᠢᠮᠠᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠣᠳᠣᠬᠠᠨ ᠤ ᠲᠡᠮᠡᠴᠡᠯ ᠤᠨ ᠪᠠᠶᠢᠳᠠᠯ ᠪᠠ ᠳᠣᠪᠣᠶᠢᠮ᠎ᠠ ᠠᠰᠠᠭᠤᠳᠠᠯ ᠢ ᠵᠠᠳᠠᠯᠵᠤ᠂ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠶᠢ ᠡᠷᠡᠰ ᠲᠦᠯᠬᠢᠨ ᠠᠬᠢᠭᠤᠯᠬᠤ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠵᠢᠷᠭᠤᠭ᠎ᠠ ᠶᠢ ᠪᠠᠶᠢᠭᠤᠯᠬᠤ︾ ᠠᠵᠢᠯ ᠢ ᠪᠠᠶᠢᠩᠭᠤᠵᠢᠭᠤᠯᠤᠨ ᠲᠦᠯᠬᠢᠨ ᠠᠬᠢᠭᠤᠯᠬᠤ ᠲᠤᠬᠠᠶ  ᠪᠠᠶᠢᠷᠢᠯᠠᠭᠤᠯᠣᠯᠳᠠ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠡᠭᠦᠯ ᠬᠤᠷᠢᠶᠠᠬᠤ ᠪᠠᠶᠢᠯᠳᠤᠭᠠᠨ ᠳᠤ ᠢᠯᠠᠯᠲᠠ ᠤᠯᠬᠤ ᠶᠢ ᠦᠨᠡᠨ ᠬᠦ ᠪᠠᠲᠤᠯᠠᠨ᠎ᠠ᠃        ᠶᠠᠨ ᠬᠤᠩ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠷᠬᠦᠯᠵᠢᠯᠡᠨ ᠭᠦᠨᠵᠡᠭᠡᠶᠢᠷᠡᠭᠦᠯᠵᠦ᠂ ᠰᠢᠪᠳᠣᠯᠣᠯᠳᠠ ᠶᠢᠨ ᠳᠠᠶᠢᠨ ᠤ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠠᠤᠯᠢ ᠶᠣᠰᠣᠭᠠᠷ ᠬᠦᠨᠵᠡᠬᠡᠶᠢᠷᠡᠬᠦᠯᠦᠨ᠂ ᠬᠠᠷᠭᠢᠰ ᠬᠦᠴᠦᠨ ᠢ ᠬᠤᠭ ᠦᠭᠡᠶ ᠠᠷᠢᠯᠭᠠᠵᠤ᠂ ᠲᠤᠰᠬᠠᠶ ᠲᠡᠮᠡᠴᠡᠯ ᠤᠨ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠣᠨ᠎ᠠ᠃ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠠᠷᠭ᠎ᠠ ᠰᠦᠪᠡᠭᠴᠢᠯᠡᠨ ᠥᠷᠨᠢᠭᠦᠯᠵᠦ᠂ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠠᠶᠢᠭᠤᠯᠤᠯᠲᠠ ᠶᠢ ᠰᠢᠨ᠎ᠡ ᠲᠦᠪᠰᠢᠨ ᠳᠤ ᠬᠦᠷᠭᠡᠵᠡᠶ᠃ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ︽ᠵᠢᠷᠭᠤᠭ᠎ᠠ ᠶᠢ ᠲᠣᠳᠣᠷᠬᠠᠶᠢᠯᠠᠬᠤ︾ ᠠᠵᠢᠯᠯᠠᠭ᠎ᠠ ᠶᠢ ᠡᠷᠡᠰ ᠲᠦᠢᠯᠪᠤᠷᠢᠲᠠᠢ ᠠᠬᠢᠭᠤᠯᠵᠤ᠂ ᠴᠢᠨᠠᠷ ᠰᠠᠶᠢᠲᠠᠢ ᠪᠠᠷ ︽ᠵᠢᠷᠭᠤᠭ᠎ᠠ ᠶᠢ ᠲᠣᠳᠣᠷᠬᠠᠶᠢᠯᠠᠬᠤ︾ ᠠᠵᠢᠯ ᠤᠨ ᠠᠮᠵᠢᠯᠲᠠ ᠶᠢᠨ ᠨᠠᠷᠢᠨ ᠲᠠᠩᠰᠠ ᠶᠢ ᠲᠤᠰᠢᠶᠠᠬᠤ ᠬᠡᠷᠡᠭᠲᠡᠢ᠃ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠩᠭᠤ ᠵᠠᠰᠠᠬᠤ ᠶᠢ ᠪᠠᠷᠢᠮᠲᠠᠯᠠᠵᠤ᠂ ᠬᠡᠪᠰᠢᠭᠰᠡᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠠᠯᠲᠠ ᠪᠠᠨ ᠪᠠᠲᠤ ᠲᠣᠭᠲᠠᠭᠠᠵᠤ ᠰᠤᠯᠠᠷᠠᠭᠤᠯᠤᠯ ᠦᠭᠡᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠡᠴᠦᠰ ᠤᠨ ᠢᠯᠠᠯᠲᠠ ᠶᠢ ᠡᠷᠡᠰ ᠲᠡᠮᠡᠴᠡᠨ ᠣᠯᠤᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号