| 5 ᠵᠢᠯ ᠤᠨ ᠬᠤᠭᠤᠷᠣᠨᠳᠣ᠂ 1800 ᠭᠠᠷᠤᠶ ᠡᠳᠦᠷ ᠰᠥᠨᠢ᠂ ᠪᠣᠭᠤᠮᠲᠠ ᠶᠢᠨ ᠠᠷᠠᠳ ᠲᠦᠮᠡᠨ ᠬᠠᠮᠲᠤᠪᠠᠷ | ᠴᠢᠷᠮᠠᠶᠢᠵᠤ ᠂ ᠬᠤᠲᠠ ᠶᠢᠨ ︽ᠥᠩᠭᠡ ᠪᠤᠳᠤᠭ︾ ᠢ ᠢᠳᠡᠭ ᠢᠳᠡᠭ ᠢᠶᠠᠷ ᠳᠡᠭᠡᠭᠰᠢᠯᠡᠭᠦᠯᠦᠨ᠎ᠡ᠃ ᠶᠠᠪᠣᠵᠦ ᠢᠷᠡᠭᠰᠡᠨ | ᠵᠠᠮ ᠢᠶᠠᠨ ᠡᠷᠬᠢᠨ ᠬᠠᠷᠠᠬᠤ ᠳᠤ᠂ ᠠᠯᠬᠤᠮ ᠠᠯᠬᠤᠮ ᠢᠶᠠᠷ ︽ᠳᠡᠭᠷᠢ ᠨᠢ ᠴᠡᠯᠮᠡᠭ᠂ ᠬᠤᠳᠠ ᠨᠢ ᠴᠡᠪᠡᠷ᠂ ᠠᠷᠠᠳ ᠨᠢ | ᠪᠠᠶᠠᠰᠣᠯ ᠲᠠᠢ︾ ᠦᠵᠡᠰᠬᠦᠯᠡᠩᠳᠦ ᠰᠠᠶᠢᠬᠠᠨ ᠦᠩᠬᠡ ᠦᠵᠡᠮᠵᠢ ᠶᠢ ᠪᠣᠳᠠᠳᠦ ᠠᠬᠤᠢ ᠪᠣᠯᠭᠠᠨ ᠪᠦᠳᠦᠬᠡᠵᠠᠢ᠃ | | | | ᠬᠢᠯᠢ ᠬᠢᠵᠠᠭᠠᠷ ᠤᠨ ᠡᠬᠡ ᠭᠠᠵᠠᠷ ᠢ ᠦᠩᠬᠡᠶᠢᠨ ᠬᠠᠷᠠᠪᠠᠯ᠂ ᠶᠠᠭ ᠯᠠ ᠨᠣᠭᠤᠭᠠᠨ ᠳᠠᠯᠠᠢ ᠲᠠᠩᠭᠢᠰ ᠰᠢᠭ᠋᠃ | | | | ᠴᠡᠪᠡᠷ ᠴᠡᠮᠴᠡᠬᠡᠷ ᠬᠤᠲᠠ ᠶᠢᠨ ᠲᠣᠭᠤᠷᠢᠭ | | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠡᠮᠦᠨ᠎ᠡ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ | ᠪᠣᠯᠤᠭᠰᠠᠭᠠᠷ ᠢᠷᠡᠵᠡᠶ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠷᠭᠡᠨ ᠢᠶᠠᠷ ᠰᠠᠨᠠᠯ ᠰᠣᠨᠣᠰᠴᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠪᠡ ᠬᠢᠵᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠴᠢᠩᠭ᠎ᠠ ᠠᠳᠬᠤᠵᠤ᠂ | ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠄ ᠰᠢᠤᠳᠠᠨ ᠤ ᠵᠢᠵᠢᠭ | ᠲᠣᠭᠤᠷᠢᠭ᠂ ᠶᠢᠨ ᠪᠢᠩ ᠤᠭᠲᠤᠬᠤ ᠵᠢᠵᠢᠭ ᠲᠣᠭᠤᠷᠢᠭ᠂ ᠺᠧᠨ ᠲᠧ ᠵᠢᠵᠢᠭ ᠲᠣᠭᠤᠷᠢᠭ᠂ ᠶᠠᠨ ᠼᠣᠣ ᠵᠢᠵᠢᠭ | ᠲᠣᠭᠤᠷᠢᠭ ᠁ ᠡᠪᠳᠡᠷᠬᠡᠶ ᠵᠠᠮ᠂ ᠬᠠᠭᠤᠴᠢᠷᠬᠠᠰᠠᠨ ᠬᠤᠭᠤᠯᠠᠶ ᠱᠤᠭᠤᠮ᠂ ᠬᠠᠭᠤᠴᠢᠷᠬᠠᠰᠠᠨ ᠠᠰᠠᠷ ᠤᠨ ᠱᠠᠲᠤ᠂ | ᠪᠥᠭᠯᠡᠭᠰᠡᠨ ᠢᠯᠭᠠᠳᠠᠰᠣᠨ ᠲᠠᠲᠠᠭᠠᠯ ᠢ ᠴᠥᠮ ᠨᠢᠭᠡᠳ ᠨᠢᠭᠡ ᠪᠠᠷ ︽ᠠᠷᠢᠯᠭᠠᠵᠤ︾᠂ ᠣᠷᠣ ᠮᠥᠷ ᠥᠬᠡᠶ ᠪᠣᠯᠭᠠᠪᠠ᠃ | ᠪᠦᠬᠦ ᠬᠤᠲᠠ ᠳᠤ 3.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ᠃ ᠪᠣᠷᠣᠭᠠᠨ ᠤ ᠪᠣᠬᠢᠷ ᠪᠣᠳᠠᠰ ᠤᠨ ᠬᠤᠭᠤᠯᠠᠶ | ᠲᠣᠤᠷ ᠢ ᠥᠭᠡᠷᠡᠴᠢᠯᠡᠨ᠂ ᠳᠣᠲᠣᠭᠠᠳᠤ ᠭᠠᠳᠠᠭᠠᠳᠤ ᠶᠢᠨ ᠵᠠᠮ ᠢ ᠥᠭᠡᠷᠡᠴᠢᠯᠡᠨ᠂ ᠪᠠᠷᠢᠯᠭ᠎ᠠ ᠶᠢᠨ ᠪᠣᠰᠤᠭ᠎ᠠ ᠲᠠᠯ᠎ᠠ ᠶᠢ | ᠥᠭᠡᠷᠡᠴᠢᠯᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠥᠭᠡᠷᠡᠴᠢᠯᠡᠨ᠂ ᠭᠡᠷᠡᠯᠲᠦᠭᠦᠯᠭᠡ ᠶᠢᠨ | ᠲᠥᠬᠦᠭᠡᠷᠦᠮᠵᠢ ᠶᠢ ᠥᠭᠡᠷᠡᠴᠢᠯᠡᠨ᠂ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠨ᠂ ᠴᠢᠮᠡᠭᠡ ᠬᠤᠯᠪᠣᠭᠠᠨ ᠤ | ᠱᠤᠭᠤᠮ ᠢ ᠥᠭᠡᠷᠡᠴᠢᠯᠡᠨ᠂ ᠳᠣᠭᠤᠷᠢᠭ ᠤᠨ ᠨᠣᠭᠤᠭᠠᠷᠠᠭᠤᠯᠤᠯᠲᠠ ᠶᠢ ᠥᠭᠡᠷᠡᠴᠢᠯᠡᠨ᠂ ᠬᠠᠮᠢᠶᠠᠷᠤᠯᠲᠠ ᠶᠢᠨ ᠬᠢᠷᠢ | ᠲᠦᠪᠰᠢᠨ ᠢ ᠰᠠᠶᠢᠵᠢᠷᠠᠭᠤᠯᠣᠨ᠂ 179 ᠰᠠᠭᠤᠭᠠᠯᠢ ᠲᠣᠭᠤᠷᠢᠭ ᠤᠨ ᠬᠠᠭᠤᠴᠢᠨ ᠳᠦᠷᠢ ᠲᠥᠷᠬᠦ ᠶᠢ ᠰᠢᠨᠡᠳᠬᠡᠵᠦ᠂ | ᠣᠯᠠᠨ ᠳᠦᠮᠡᠨᠳᠤ ᠳᠤᠯᠠᠭᠠᠨ᠂ ᠴᠡᠪᠡᠷ᠂ ᠳᠥᠭᠦᠮ ᠨᠦᠬᠦᠴᠡᠯ ᠢ ᠪᠦᠷᠢᠯᠳᠦᠬᠦᠯᠵᠦ ᠦᠭᠴᠦ᠂ ᠵᠣᠯ ᠵᠢᠷᠭᠠᠯ ᠤᠨ ᠵᠢᠭᠠᠯᠲᠠ | ᠲᠤᠭ᠎ᠠ ᠨᠠᠩ ᠥᠨᠳᠥᠷ ᠪᠣᠯᠵᠠᠢ︕ | | | | | ᠤᠤᠯ ᠨᠢ ᠯᠠᠨᠳᠧ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠨᠤᠷᠠᠭᠠᠵᠤ ᠨᠡᠭᠦᠯᠭᠡᠭᠰᠡᠨ ᠤ ᠳᠠᠷᠠᠭ᠎ᠠ | ᠰᠢᠨ᠎ᠡ ᠪᠠᠷ ᠴᠡᠴᠡᠷᠯᠢᠭ ᠪᠠ ᠲᠡᠷᠭᠡ ᠵᠣᠭᠰᠣᠬᠤ ᠲᠠᠯᠠᠪᠠᠢ ᠪᠠᠶᠢᠭᠤᠯᠪᠠ᠃ | | | | ᠤᠳᠤ ᠶᠠᠭ ᠬᠠᠭᠤᠴᠢᠨ ᠲᠣᠭᠤᠷᠢᠭ ᠢ ᠥᠭᠡᠷᠡᠴᠢᠯᠡᠵᠦ ᠪᠠᠶᠢᠭ᠎ᠠ ᠽᠢ ᠶᠤᠸᠠᠨ ᠬᠤᠤ ᠲᠢᠩ ᠲᠣᠭᠤᠷᠢᠭ | | ᠠᠳᠠᠯᠢᠬᠠᠨ ᠢᠶᠠᠷ᠂ ᠡᠬᠢᠯᠡᠯᠲᠡ ᠶᠢᠨ ᠨᠢᠭᠡ ᠵᠢᠯ ᠳᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ | ᠦᠬᠡᠷᠡᠴᠢᠯᠡᠬᠦ ᠪᠦᠷᠢᠶ᠎ᠡ ᠴᠦ ᠬᠢᠯᠢ ᠶᠢᠨ ᠬᠤᠲᠠ ᠶᠢᠨ ᠡᠬᠡ ᠭᠠᠵᠠᠷ ᠢ ᠴᠤᠤᠷᠢᠶᠠᠲᠤᠭᠤᠯᠪᠠ᠃ ᠬᠤᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠨᠢᠭᠲᠠ ᠬᠠᠮᠵᠢᠯᠴᠠᠨ᠂ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠨᠤᠷᠠᠭᠠᠨ ᠠᠰᠠᠷ ᠢᠶᠠᠷ ᠰᠣᠯᠢᠬᠤ᠂ | ᠵᠣᠭᠤᠰ ᠮᠦᠩᠬᠦ ᠪᠠᠷ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ 429 ᠡᠷᠦᠬᠡ ᠰᠠᠭᠤᠭᠠᠯᠢ ᠠᠷᠠᠳ ᠢ ︽ᠶᠡᠭᠡ ᠪᠣᠷᠣᠭᠠᠨ | ᠶᠡᠭᠡ ᠤᠰᠤᠲᠤᠯ᠂ ᠪᠠᠭ᠎ᠠ ᠪᠣᠷᠣᠭᠠᠨ ᠪᠠᠭ᠎ᠠ ᠤᠰᠤᠨ ᠳᠤ ᠠᠪᠲᠠᠬᠤ︾ ᠣᠷᠣᠨ ᠰᠠᠭᠤᠴᠠ ᠶᠢᠨ ᠣᠷᠴᠢᠨ ᠲᠣᠭᠤᠷᠢᠨ ᠠᠴᠠ | ᠰᠠᠯᠭᠠᠪᠠ︔ 429 ᠡᠷᠦᠬᠡ ᠰᠠᠭᠤᠭᠠᠯᠢ ᠠᠷᠠᠳ ᠢ ᠪᠤᠵᠠᠷ ᠰᠠᠮᠠᠭᠤᠨ ᠮᠠᠭᠤᠲᠠᠢ ︽ᠬᠤᠲᠠᠨ ᠳᠠᠬᠢ ᠲᠣᠰᠬᠤᠨ︾ ᠠᠴᠠ | ᠰᠠᠯᠭᠠᠪᠠ︔ 429 ᠡᠷᠦᠬᠡ ᠰᠠᠭᠤᠭᠠᠯᠢ ᠠᠷᠠᠳ ᠢ ᠰᠢᠨ᠎ᠡ ᠰᠠᠭᠤᠴᠠ ᠳᠤ ᠨᠡᠭᠦᠯᠭᠡᠪᠡ︔ ᠲᠠᠪᠤᠨ ᠵᠢᠯ ᠤᠨ ᠳᠣᠲᠣᠷ᠎ᠠ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠦᠷᠭᠦᠯᠵᠢᠯᠡᠨ | ᠲᠦᠯᠬᠢᠨ ᠠᠬᠢᠭᠤᠯᠵᠤ᠂ ᠨᠡᠶᠢᠲᠡ 1.36 ᠳ᠋ᠦᠩᠰᠢᠭᠤᠷ ᠲᠥᠭᠦᠷᠢᠭ ᠣᠷᠣᠭᠤᠯᠵᠠᠶ᠃ 485 ᠢᠵᠢ ᠳᠥᠭᠦᠮ ᠪᠦᠳᠦᠭᠦᠯᠢᠭ | ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠢᠨᠡᠳᠬᠡᠵᠦ᠂ 485 ᠡᠷᠦᠬᠡ ᠣᠷᠣᠨ ᠰᠠᠭᠤᠴᠠ ᠶᠢᠨ ᠬᠦᠴᠢᠷᠳᠡᠯᠲᠡᠶ | ᠣᠯᠠᠨ ᠲᠦᠮᠡᠨ ᠫᠧᠩ ᠰᠠᠷᠠᠪᠴᠢ ᠠᠴᠠ ᠭᠠᠷᠴᠤ ᠠᠰᠠᠷ ᠲᠤ ᠣᠷᠣᠵᠤ᠂ ᠠᠭᠤᠵᠢᠮ ᠰᠠᠷᠠᠭᠤᠯ ᠰᠢᠨ᠎ᠡ ᠭᠡᠷ ᠲᠤ ᠰᠢᠨ᠎ᠡ | ᠠᠮᠢᠳᠤᠷᠠᠯ ᠢᠶᠠᠨ ᠤᠭᠲᠤᠨ᠎ᠠ᠃ ᠡᠭᠦᠨ ᠤ ᠬᠠᠮᠲᠤ᠂ ᠨᠤᠷᠠᠭᠠᠵᠤ ᠨᠡᠭᠦᠯᠭᠡᠬᠦ ᠲᠠᠯᠠᠪᠠᠢ ᠨᠢ 90158 ᠲᠦᠮᠡᠨ ᠲᠡᠭᠰᠢ | ᠳᠥᠷᠪᠡᠯᠵᠢᠨ ᠮᠧᠲᠷ ᠢ ᠳᠠᠪᠠᠵᠦ᠂ 135 ᠮᠦ ᠰᠢᠬᠠᠮ ᠭᠠᠵᠠᠷ ᠰᠢᠷᠣᠢ ᠰᠤᠯᠠᠯᠠᠭᠳᠠᠵᠤ᠂ ᠬᠤᠳᠠ ᠶᠢᠨ ᠬᠥᠭᠵᠢᠯᠲᠡ ᠪᠣᠯᠤᠨ | ᠴᠢᠳᠠᠮᠵᠢ ᠲᠡᠭᠦᠯᠳᠡᠷᠵᠢᠬᠦ ᠳᠤ ᠨᠦᠬᠦᠴᠡᠯ ᠬᠤᠷᠠᠮᠳᠤᠭᠤᠯᠵᠤ ᠥᠭᠴᠡᠢ᠃ | | | | ᠴᠡᠴᠡᠭ ᠤᠨ ᠳᠠᠯᠠᠢ | | | ᠨᠣᠭᠤᠭᠠᠷᠠᠭᠤᠯᠤᠯᠲᠠ | | ︽ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ ᠶᠢᠨ ᠲᠥᠯᠥᠭᠡ᠂ ︽ | ᠴᠡᠴᠡᠷᠯᠢᠭ ᠤᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠲᠠ ᠦᠷᠭᠦᠯᠵᠢᠯᠡᠨ 61 ᠲᠦᠮᠡᠨ ᠲᠡᠭᠰᠢ | ᠳᠥᠷᠪᠡᠯᠵᠢᠨ ᠮᠧᠲᠷ ᠬᠤᠲᠠ ᠶᠢᠨ ᠨᠣᠭᠤᠭᠠᠨ ᠬᠥᠷᠥᠰᠥ ᠶᠢ ᠰᠢᠨ᠎ᠡ ᠪᠠᠷ ᠨᠡᠮᠡᠭᠳᠡᠭᠦᠯᠵᠦ᠂ ︽ᠨᠢᠭᠡ ᠪᠦᠰᠡ ᠨᠢᠭᠡ ᠵᠠᠮ ᠤᠨ | ᠴᠡᠴᠡᠷᠯᠢᠭ︾᠂ ︽ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠡᠴᠡᠷᠯᠢᠭ︾ ᠤᠷᠢᠳ ᠬᠤᠵᠢᠳ ᠪᠠᠶᠢᠭᠤᠯᠤᠭᠳᠠᠪᠠ᠃ | ᠵᠤᠨ ᠤ ᠤᠯᠠᠷᠢᠯ ᠪᠣᠯᠬᠤ ᠪᠦᠷᠢ᠂ ᠲᠦᠭ ᠲᠦᠮᠡᠨ ᠴᠡᠴᠡᠭ ᠮᠢᠷᠠᠯᠵᠠᠨ ᠳᠡᠯᠭᠡᠷᠡᠨ᠎ᠡ᠂ ᠨᠠᠢᠮᠠᠨ ᠵᠣᠪᠬᠢᠰ ᠤᠨ ᠵᠣᠴᠢᠳ ᠢ | ᠲᠡᠪᠡᠷᠢᠵᠦ᠂ ᠬᠤᠲᠠ ᠳᠤ ᠡᠳᠦᠷ ᠳᠠᠷᠠᠭᠠᠯᠠᠨ ᠰᠢᠨ᠎ᠡ ︽ᠠᠮᠢᠵᠢᠷᠠᠯ ᠤᠨ ᠬᠦᠴᠦᠨ᠂ ᠬᠥᠳᠡᠯᠭᠡᠬᠦ ᠬᠦᠴᠦᠨ ᠪᠠ ᠲᠠᠲᠠᠬᠤ | ᠬᠦᠴᠦᠨ︾ ᠢᠯᠡᠷᠡᠪᠡ᠃ ᠰᠠᠭᠤᠷᠢᠰᠢᠬᠤ ᠳᠤ ᠲᠣᠬᠢᠷᠠᠮᠵᠢᠲᠠᠶ ᠬᠤᠳᠠ ᠭᠡᠵᠦ ᠶᠠᠭᠤ ᠪᠤᠢ︖ ᠪᠣᠭᠤᠮᠲᠠ ᠶᠢᠨ ᠠᠷᠠᠳ | ᠲᠦᠮᠡᠨ᠄ ᠭᠠᠳᠠᠭᠰᠢ ᠭᠠᠷᠬᠤ ᠳᠠᠭᠠᠨ ᠨᠣᠭᠤᠭᠠᠨ ᠥᠩᠭᠡ ᠲᠠᠢ᠂ ᠨᠡᠭᠦᠳᠡᠯ ᠦᠵᠡᠮᠵᠢ ᠲᠠᠢ᠂ ᠵᠢᠵᠢᠭ ᠠᠶᠠᠨ ᠳᠠᠭᠠᠨ | ᠴᠡᠴᠡᠷᠯᠢᠭ ᠲᠠᠢ ᠭᠡᠳᠡᠭ ᠲᠣᠮᠢᠶᠠᠯᠠᠯ ᠥᠭᠪᠡ᠃ | | | | | | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯ ᠰᠡᠳᠦᠪᠲᠦ ᠴᠡᠴᠡᠷᠯᠢᠭ | | | | ︽ᠨᠢᠭᠡ ᠪᠦᠰᠡ ᠨᠢᠭᠡ ᠵᠠᠮ︾ ᠤᠨ ᠴᠡᠴᠡᠷᠯᠢᠭ | | ᠲᠠᠪᠤᠨ ᠵᠢᠯ ᠤᠨ ᠲᠤᠷᠰᠢ᠂ ᠮᠠᠨ ᠤ ᠬᠤᠲᠠ ᠬᠤᠲᠠ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ | ᠳᠡᠬᠦᠯᠳᠡᠷᠵᠢᠬᠦᠯᠵᠦ᠂ ᠬᠠᠲᠠᠭᠤᠷᠠᠭᠤᠯᠤᠭᠰᠠᠨ ᠵᠠᠮ ᠤᠨ ᠭᠠᠳᠠᠷᠭᠤ 42.2 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠴᠦ᠂ ᠲᠡᠷᠭᠡ ᠵᠣᠭᠰᠣᠬᠤ ᠪᠠᠶᠢᠷᠢ ᠶᠢ 28000 ᠰᠢᠨ᠎ᠡ ᠪᠠᠷ ᠨᠡᠮᠡᠭᠳᠡᠭᠦᠯᠵᠦ᠂ 632 ᠪᠦᠯᠦᠭ ᠳᠣᠬᠢᠶᠠᠨ ᠳ᠋ᠧᠩ | ᠤᠭᠰᠠᠷᠠᠨ᠂ 3247 ᠢᠵᠢ ᠵᠠᠮ ᠤᠨ ᠳ᠋ᠧᠩ ᠨᠡᠮᠡᠵᠦ ᠤᠭᠰᠠᠷᠠᠨ᠂ ᠨᠣᠭᠤᠭᠠᠷᠠᠭᠤᠯᠤᠯᠲᠠ ᠵᠢᠴᠢ ᠣᠯᠠᠨ ᠨᠡᠶᠢᠲᠡ ᠶᠢᠨ | ᠰᠡᠯᠡᠭᠦᠴᠡᠯ ᠤᠨ ᠵᠠᠶ ᠶᠢ 70 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠪᠡ᠃ ᠪᠣᠷᠣᠭᠠᠨ ᠤ ᠪᠣᠬᠢᠷᠲᠤᠯ ᠤᠨ | ᠳᠠᠮᠵᠢᠭᠤᠯᠬᠤ ᠬᠤᠭᠤᠯᠠᠶ ᠶᠢ 14474 ᠮᠧᠲᠷ ᠥᠭᠡᠷᠡᠴᠢᠯᠡᠪᠡ᠃ ᠬᠤᠳᠠ ᠶᠢᠨ ᠪᠠᠶᠢᠷᠢᠰᠢᠭᠤᠯᠤᠯᠲᠠ ᠨᠡᠩ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠢ ᠪᠤᠯᠵᠤ᠂ ᠬᠢᠯᠢ ᠶᠢᠨ ᠪᠣᠭᠤᠮᠳᠠ ᠡᠳᠦᠷ ᠠᠴᠠ ᠡᠳᠦᠷ ᠰᠢᠨ᠎ᠡ ᠷᠢᠳᠢ ᠰᠢᠳᠢ ᠶᠢ | ᠪᠠᠳᠠᠷᠠᠭᠤᠯᠵᠤ᠂ ᠤᠯᠠᠮ ᠠᠴᠠ ᠤᠯᠠᠮ ᠤᠯᠠᠨ ᠵᠤᠭᠠᠴᠠᠭᠰᠠᠳ ᠢᠷᠡᠬᠦ ᠳᠤ ︽ᠦᠡᠭᠭᠡ ᠵᠢᠰᠦ ᠶᠢ ᠨᠢ ᠣᠯᠵᠤ ᠬᠠᠷᠠᠬᠤ︾ | ᠪᠣᠯᠤᠨ᠎ᠠ᠃ | | | | | | | ᠴᠡᠪᠡᠷ ᠲᠡᠭᠰᠢ ᠬᠤᠲᠠ ᠶᠢᠨ ᠲᠣᠭᠤᠷᠢᠭ | | ᠢᠩᠭᠢᠭᠡᠳ ᠯᠡ᠂ ︽ᠠᠷᠪᠠᠨ ᠭᠤᠷᠪᠠᠳᠤᠭᠠᠷ ᠲᠠᠪᠤᠨ ᠵᠢᠯ︾ ᠨᠢ ᠠᠷᠠᠳ ᠤᠯᠠᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠦᠨᠡᠨ ᠪᠣᠳᠠᠳᠠᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠬᠤᠳᠠ ᠶᠢᠨ ᠡᠬᠡ ᠭᠠᠵᠠᠷ ᠲᠤ ᠦᠵᠡᠰᠬᠦᠯᠡᠩᠲᠦ | ᠰᠠᠶᠢᠬᠠᠨ ᠦᠵᠡᠮᠵᠢ ᠪᠣᠯᠪᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡ︾ ᠶᠢᠨ ᠵᠢᠷᠤᠭ ᠲᠥᠰᠦᠪ ᠢ | ᠪᠠᠷᠠᠯᠠᠵᠤ᠂ ᠮᠠᠨ ᠤ ᠬᠤᠲᠠ ᠶᠢᠨ ᠪᠥᠲᠥᠭᠡᠨ ᠪᠠᠶᠢᠭᠤᠯᠤᠯᠲᠠ ᠯᠠᠪᠳᠠᠭᠤᠨ ᠢᠶᠠᠷ ᠤᠷᠤᠭᠰᠢᠯᠠᠵᠤ᠂ ᠰᠢᠨ᠎ᠡ ᠴᠠᠭ ᠦᠶ᠎ᠡ ᠶᠢᠨ | ᠭᠤᠶᠢᠳᠠ ᠰᠠᠶᠢᠬᠠᠨ ᠠᠰᠠᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠶᠢᠨ ᠲᠥᠯᠥᠭᠡ ︽ᠴᠠᠭ ᠢᠮᠠᠭᠲᠠ | ᠪᠡᠯᠡᠬᠡᠨ ᠪᠠᠶᠢᠨ᠎ᠠ ︾︕ | | |