ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠪᠦᠬᠦ ᠲᠠᠯ᠎ᠠ ᠶᠢᠨ ᠬᠥᠭᠵᠢᠯᠲᠡ ᠄  ᠡᠷᠡᠭᠦᠯ ᠮᠡᠨᠳᠦ ᠶᠢᠨ ᠮᠡᠳᠡᠯᠭᠡ  ᠶᠢ ᠰᠤᠷᠭᠠᠭᠤᠯᠢ ᠶᠢᠨ ᠬᠦᠷᠢᠶᠡᠨ ᠳᠤ ᠲᠦᠬᠡᠮᠡᠯᠵᠢᠬᠦᠯᠪᠡ
ᠨᠡᠶᠢᠲᠡᠯᠡᠭᠰᠡᠨ ᠴᠠᠭ᠄
2020/11/6
        ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ ᠪᠠᠶᠢᠨ᠎ᠠ᠂ ᠨᠠᠮᠤᠷ ᠡᠪᠦᠯ ᠤᠨ ᠡᠭᠡᠯᠵᠢᠯᠡᠬᠦ ᠴᠠᠭ ᠪᠣᠯ ᠶᠠᠭ ᠬᠠᠯᠳᠠᠪᠤᠷᠢᠲᠤ ᠲᠠᠭᠰᠢᠭᠤᠷ᠂ ᠰᠡᠷᠬᠡᠨᠦᠳ᠂ ᠰᠦᠷᠢᠶ᠎ᠡ ᠵᠡᠷᠭᠡ ᠨᠠᠮᠤᠷ ᠡᠪᠦᠯ ᠤᠨ ᠤᠯᠠᠷᠢᠯ ᠳᠤ ᠦᠷᠭᠦᠯᠵᠢ ᠲᠣᠬᠢᠶᠠᠯᠳᠤᠳᠠᠭ ᠬᠠᠯᠳᠠᠪᠣᠷᠢᠳᠦ ᠡᠪᠡᠳᠴᠢᠨ ᠣᠯᠠᠨ ᠡᠭᠦᠰᠳᠡᠭ ᠤᠯᠠᠷᠢᠯ ᠪᠣᠯᠤᠨ᠎ᠠ᠃ ᠰᠤᠷᠭᠠᠭᠤᠯᠢ ᠶᠢᠨ ᠬᠦᠷᠢᠶᠡᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠨᠢ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠯᠪᠣᠭᠳᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠪ ᠤᠨ ᠡᠮᠬᠢ ᠵᠢᠷᠤᠮ ᠳᠤ ᠬᠤᠯᠪᠣᠭᠳᠠᠵᠤ ᠪᠠᠶᠢᠳᠠᠭ᠃ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠡᠪᠡᠳᠴᠢᠨ ᠡᠮᠭᠡᠭ ᠢ ᠥᠪᠡᠰᠦᠪᠡᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠳᠣᠯᠠᠳᠠ᠂ 11 ᠰᠠᠷ᠎ᠠ ᠶᠢᠨ 4 ᠤ ᠡᠳᠦᠷ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠳᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠡᠷᠡᠭᠦᠯ ᠮᠡᠨᠳᠦ ᠶᠢᠨ ᠲᠠᠶᠢᠯᠤᠮᠵᠢ ᠥᠷᠨᠢᠭᠦᠯᠵᠦ᠂ 200 ᠭᠠᠷᠤᠶ ᠶᠡᠭᠡ ᠰᠣᠷᠭᠠᠭᠤᠯᠢ ᠶᠢᠨ ᠰᠣᠷᠣᠭᠴᠢ ᠲᠠᠶᠢᠯᠤᠮᠵᠢ ᠶᠢ ᠰᠣᠨᠣᠰᠴᠠᠶ᠃
             ᠲᠠᠶᠢᠯᠤᠮᠵᠢ ᠬᠢᠭᠰᠡᠨ ᠲᠤᠬᠠᠶ ᠶᠢᠨ ᠲᠠᠯᠠᠪᠠᠢ        ᠭᠤᠣᠯ ᠲᠠᠶᠢᠯᠪᠤᠷᠢᠯᠠᠭᠴᠢ PPT ᠦᠵᠡᠭᠦᠯᠭᠡ᠂ ᠭᠡᠷᠡᠯ ᠵᠢᠷᠤᠭ ᠤᠨ ᠮᠠᠲ᠋ᠧᠷᠢᠶᠠᠯ ᠪᠠ ᠬᠢᠴᠢᠶᠡᠯ ᠤᠨ ᠲᠠᠩᠬᠢᠮ ᠤᠨ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠲᠠᠢ ᠤᠶᠠᠯᠳᠤᠭᠤᠯᠤᠨ᠂ ᠣᠶᠢᠯᠠᠭᠠᠮᠵᠢᠲᠠᠶ ᠦᠭᠡ ᠪᠠᠷ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠶᠡᠭᠡ ᠬᠡᠮᠵᠢᠶᠡᠨ ᠤ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠰᠢᠨ᠎ᠡ ᠲᠢᠲᠢᠮ ᠠᠭᠤᠰᠬᠢᠨ ᠦᠷᠪᠢᠰᠦᠯ᠂ ᠠᠶᠢᠽ ᠡᠪᠡᠳᠴᠢᠨ᠂ ᠬᠤᠯᠤᠭᠠᠨ᠎ᠠ ᠶᠢᠨ ᠬᠢᠵᠢᠭ᠂ ᠰᠦᠷᠢᠶ᠎ᠡ ᠡᠪᠡᠳᠴᠢᠨ ᠵᠡᠷᠭᠡ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠡᠬᠢ ᠰᠤᠷᠪᠤᠯᠵᠢ᠂ ᠳᠠᠷᠬᠠᠬᠤ ᠠᠷᠭ᠎ᠠ ᠵᠠᠮ᠂ ᠡᠮᠴᠢᠯᠡᠭᠡᠨ ᠤ ᠡᠪᠡᠳᠴᠢᠨ ᠤ ᠢᠯᠡᠷᠡᠯ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠶᠢ ᠭᠦᠨᠵᠡᠭᠡᠶ ᠨᠠᠷᠢᠨ ᠲᠠᠶᠢᠯᠪᠤᠷᠢᠯᠠᠪᠠ᠃ ᠰᠤᠷᠤᠭᠴᠢᠳ ᠢ ᠵᠢᠯᠣᠭᠤᠳᠤᠨ ᠠᠮᠠᠪᠴᠢ ᠪᠠ ᠳᠣᠯᠣᠭᠠᠨ ᠠᠯᠬᠤᠮ ᠤᠨ ᠭᠠᠷ ᠢᠶᠠᠨ ᠤᠬᠢᠶᠠᠬᠤ ᠠᠷᠭ᠎ᠠ ᠶᠢ ᠵᠥᠪ ᠵᠡᠭᠦᠯᠭᠡᠵᠦ᠂ ᠰᠤᠷᠤᠭᠴᠢᠳ ᠤᠨ ᠡᠳᠦᠷ ᠲᠤᠲᠤᠮ ᠤᠨ ᠪᠠᠶᠢᠴᠠᠭᠠᠯᠲᠠ᠂ ᠡᠪᠡᠳᠴᠢᠨ ᠤ ᠪᠠᠶᠢᠳᠠᠯ ᠢ ᠮᠥᠷᠳᠡᠬᠦ᠂ ᠤᠷᠢᠳᠴᠢᠯᠠᠨ ᠰᠡᠷᠬᠡᠶᠢᠯᠡᠬᠦ ᠲᠠᠷᠢᠯᠭ᠎ᠠ ᠲᠠᠷᠢᠬᠤ᠂ ᠬᠢᠴᠢᠶᠡᠯ ᠰᠡᠷᠭᠦᠭᠡᠬᠦ ᠪᠣᠭᠤᠮᠲᠠ ᠰᠠᠬᠢᠬᠤ᠂ ᠠᠷᠢᠭᠤᠳᠬᠠᠵᠤ ᠲᠤᠰᠠᠭᠠᠷᠯᠠᠬᠤ  ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠠᠯᠳᠠᠪᠤᠷᠢᠲᠤ ᠡᠪᠡᠳᠴᠢᠨ ᠢ ᠰᠤᠷᠭᠠᠭᠤᠯᠢ ᠶᠢᠨ ᠬᠦᠷᠢᠶᠡᠨ ᠤ ᠭᠠᠳᠠᠨ᠎ᠠ ᠲᠤᠰᠠᠭᠠᠷᠯᠠᠵᠤ᠂ ᠡᠪᠡᠳᠴᠢᠨ ᠦᠭᠡᠢ ᠪᠣᠯ ᠡᠷᠲᠡ ᠰᠡᠷᠭᠡᠶᠢᠯᠡᠵᠦ᠂ ᠬᠠᠯᠳᠠᠪᠤᠷᠢᠲᠤ ᠡᠪᠡᠳᠴᠢᠨ ᠠᠴᠠ ᠠᠶᠤᠵᠤ ᠰᠠᠨᠳᠤᠷᠬᠤ ᠦᠭᠡᠢ᠂ ᠬᠥᠩᠭᠡᠪᠴᠢᠯᠡᠬᠦ ᠦᠭᠡᠢ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠵᠦ᠂ ᠴᠠᠭ ᠲᠤᠬᠠᠶ ᠳᠤᠨᠢ ᠰᠢᠢᠳᠪᠣᠷᠢᠯᠡᠬᠦ ᠬᠡᠷᠡᠭᠲᠡᠶ᠃ ᠲᠤᠬᠠᠶ ᠶᠢᠨ ᠲᠠᠯᠠᠪᠠᠶ ᠳᠤ ᠪᠠᠰᠠ ᠰᠤᠷᠤᠭᠴᠢᠳ ᠲᠤ ︽ᠠᠶᠢᠽ ᠡᠪᠡᠳᠴᠢᠨ ᠢ ᠬᠤᠷᠢᠭᠯᠠᠨ ᠵᠣᠭᠰᠣᠭᠠᠬᠤ᠂ ᠠᠮᠠᠯᠠᠯᠲᠠ ᠪᠠᠨ ᠬᠦᠢᠴᠡᠳᠬᠡᠬᠦ︾ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ︾ ︽ᠰᠦᠷᠢᠶ᠎ᠡ ᠡᠪᠡᠳᠴᠢᠨ ᠢ ᠰᠡᠷᠬᠡᠶᠢᠯᠡᠬᠦ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ᠃
           ᠰᠤᠷᠤᠭᠴᠢᠳ ᠨᠠᠷᠢᠨ ᠬᠢᠨᠠᠮᠠᠭᠠᠶ ᠰᠣᠨᠣᠰᠴᠤ  ᠪᠠᠶᠢᠨ᠎ᠠ        ᠲᠤᠰ ᠤᠳᠠᠭᠠᠨ ᠤ ᠮᠡᠳᠡᠯᠭᠡ ᠶᠢᠨ ᠲᠠᠶᠢᠯᠤᠮᠵᠢ ᠶᠢ ᠪᠠᠲᠤᠯᠠᠵᠤ᠂ ᠰᠤᠷᠤᠭᠴᠢᠳ ᠬᠠᠯᠳᠠᠪᠤᠷᠢᠲᠤ ᠡᠪᠡᠳᠴᠢᠨ ᠤ ᠰᠢᠨ᠎ᠡ ᠳᠡᠯᠭᠡᠷᠡᠬᠦ ᠬᠠᠨᠳᠤᠰᠢ ᠪᠣᠯᠤᠨ ᠡᠪᠡᠳᠴᠢᠨ ᠤ ᠰᠢᠨᠵᠢ ᠲᠡᠮᠳᠡᠭ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠶᠢ ᠤᠯᠠᠮ ᠨᠢᠭᠡ ᠠᠯᠬᠤᠮ ᠣᠶᠢᠯᠠᠭᠠᠵᠤ᠂ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠬᠦ ᠳᠤ ᠨᠠᠩ ᠠᠰᠢᠭᠲᠠᠶ ᠪᠣᠯᠵᠦ᠂ ᠰᠤᠷᠭᠠᠭᠤᠯᠢ ᠶᠢᠨ ᠡᠷᠡᠭᠦᠯ ᠮᠡᠨᠳᠦ ᠶᠢᠨ ᠬᠥᠮᠦᠵᠢᠯ ᠳᠤ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号