| | 11 ᠰᠠᠷ᠎ᠠ ᠶᠢᠨ 7 ᠤ ᠡᠳᠦᠷ᠂ ᠡᠷᠢᠶᠡᠨ ᠬᠤᠲᠠ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ᠂ ᠮᠠᠨ ᠤ | ᠬᠤᠲᠠ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ ᠲᠤᠰᠢᠶᠠᠯ ᠡᠭᠦᠷᠭᠡᠯᠡᠬᠦ ᠲᠤᠬᠠᠶ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠲᠣᠭᠲᠠᠭᠠᠭᠰᠠᠨ ᠨᠢ᠂ ᠯᠢᠦ ᡁᠢ ᠫᠢᠩ ᠨᠥᠬᠦᠷ ᠰᠢᠯᠢ ᠶᠢᠨ ᠭᠤᠤᠯ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ᠂ | ᠡᠷᠢᠶᠡᠨ ᠬᠤᠲᠠ ᠶᠢᠨ ᠬᠤᠲᠠ ᠶᠢᠨ ᠳᠠᠷᠤᠭ᠎ᠠ ᠶᠢᠨ ᠳᠣᠰᠢᠶᠠᠯ ᠢ ᠤᠭᠴᠠᠷᠠᠭᠤᠯᠬᠤ ᠪᠠᠷ ᠨᠡᠷ᠎ᠡ ᠳᠤᠷᠠᠳᠪᠠ︔ ᠯᠦ ᠪᠦᠦ | ᠳ᠋ᠦᠩ ᠨᠥᠬᠦᠷ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ᠂ ᠳᠡᠳ᠋ | ᠱᠦᠵᠢ ᠶᠢᠨ ᠲᠤᠰᠢᠶᠠᠯ ᠢ ᠡᠭᠦᠷᠭᠡᠯᠡᠵᠦ᠂ ᠡᠷᠢᠶᠡᠨ ᠬᠤᠲᠠ ᠶᠢᠨ ᠬᠤᠲᠠ ᠶᠢᠨ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ | ᠳᠤᠷᠠᠳᠪᠠ︔ ᠭᠧᠩ ᡁᠢ ᠵᠢᠶᠦ᠋ᠨ ᠨᠥᠬᠦᠷ ᠡᠷᠢᠶᠡᠨ ᠬᠤᠲᠠ ᠶᠢᠨ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ᠂ | ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠪᠠ᠃ | | | | | | ᠬᠤᠷᠠᠯ ᠤᠨ ᠠᠬᠤᠶ ᠲᠠᠯᠠᠪᠠᠶ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ | ᠬᠤᠶᠠᠳᠣᠭᠠᠷ ᠭᠠᠵᠠᠷ ᠤᠨ ᠳᠡᠳ᠋ ᠳᠠᠷᠤᠭ᠎ᠠ ᠶᠠᠨ ᠪᠥᠸᠧ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ ᠢ ᠤᠩᠰᠢᠨ | ᠨᠠᠶᠢᠳᠠᠯᠡᠭᠰᠡᠨ ᠪᠥᠭᠡᠳ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠵᠧᠤ ᠰᠢᠶᠠᠩ ᠸᠧᠶ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ᠂ ᠬᠤᠲᠠ ᠶᠢᠨ ᠰᠢᠭᠤᠳ ᠬᠠᠷᠢᠶ᠎ᠠ᠂ ᠬᠤᠲᠠ ᠳᠤ ᠰᠠᠭᠤᠭ᠎ᠠ ᠰᠠᠯᠠᠭ᠎ᠠ ᠮᠥᠴᠢᠷ ᠤᠨ ᠭᠤᠤᠯ | ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠶᠠᠨ ᠪᠥᠸᠧ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠷᠢᠶᠡᠨ ᠬᠤᠲᠠ ᠶᠢᠨ ᠵᠠᠰᠠᠭ ᠤᠨ ᠣᠷᠳᠣᠨ ᠤ | ᠭᠤᠤᠯ ᠤᠳᠤᠷᠢᠳᠤᠯᠭ᠎ᠠ ᠶᠢᠨ ᠲᠣᠬᠢᠷᠠᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠡᠷᠢᠶᠡᠨ | ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠣᠳᠣᠷᠢᠳᠬᠤ ᠪᠠᠭ ᠤᠨ ᠪᠠᠶᠢᠭᠤᠯᠤᠯᠲᠠ ᠶᠢᠨ | ᠬᠡᠷᠡᠭᠴᠡᠭᠡ ᠶᠢ ᠪᠣᠳᠣᠯᠬᠢᠯᠠᠵᠠᠶ᠃ ᠪᠦᠬᠦ ᠣᠷᠣᠨ ᠤ ᠶᠡᠭᠡ ᠲᠠᠯ᠎ᠠ ᠠᠴᠠ ᠡᠭᠦᠰᠴᠦ᠂ ᠪᠦᠬᠦ ᠲᠠᠯ᠎ᠠ ᠪᠠᠷ ᠪᠣᠳᠣᠯᠬᠢᠯᠠᠨ᠂ | ᠬᠢᠨᠠᠮᠠᠭᠠᠶ ᠰᠤᠳᠤᠯᠤᠨ ᠭᠠᠷᠭᠠᠭᠰᠠᠨ ᠲᠣᠭᠲᠠᠭᠠᠯ ᠪᠣᠯᠤᠨ᠎ᠠ᠃ ᠡᠷᠢᠶᠡᠨ ᠬᠤᠲᠠ ᠶᠢᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠵᠠᠪᠠᠯ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠲᠠᠭᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ | ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠰᠠᠬᠢᠯᠭ᠎ᠠ ᠪᠠᠲᠤ ᠶᠢ ᠰᠠᠬᠢᠬᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠡᠷᠢᠶᠡᠨ ᠬᠤᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠪᠦᠬᠦ | ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠺᠠᠳ᠋ᠷ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠠᠶ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠥᠲᠥᠯᠪᠦᠷᠢ ᠶᠢᠨ ᠲᠣᠭᠤᠷᠢᠨ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠶ | ᠳᠣᠭᠤᠰᠢᠯᠠᠭᠤᠯᠵᠠᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ | ᠴᠢᠬᠤᠯᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ︔ ᠭᠤᠷᠪᠠᠨ ᠨᠥᠬᠦᠷ ᠰᠢᠨ᠎ᠡ ᠠᠵᠢᠯ ᠤᠨ ᠪᠠᠶᠢᠷᠢ ᠳᠤ ᠲᠤᠰᠢᠶᠠᠯ ᠡᠭᠦᠷᠭᠡᠯᠡᠭᠰᠡᠨ ᠤ ᠳᠠᠷᠠᠭ᠎ᠠ | ᠰᠤᠷᠤᠯᠭ᠎ᠠ ᠪᠠᠨ ᠴᠢᠩᠭᠠᠳᠬᠠᠵᠦ ᠠᠯᠢ ᠲᠦᠷᠭᠡᠨ ᠢᠶᠠᠷ ᠳᠦᠷᠢ ᠳᠤ ᠪᠠᠨ ᠣᠷᠣᠵᠤ᠂ ᠲᠤᠰ ᠪᠡᠶ᠎ᠡ ᠶᠢᠨ | ᠲᠤᠷᠰᠢᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠤᠯᠲᠠ ᠶᠢᠨ | ᠲᠣᠭᠤᠷᠢᠨ ᠳᠤ ᠡᠭᠦᠷᠭᠡ ᠲᠤᠰᠢᠶᠠᠯ ᠢᠶᠠᠨ ᠬᠦᠢᠴᠡᠳᠬᠡᠵᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠠᠶ᠃ ᠡᠷᠢᠶᠡᠨ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ᠃ | ᠵᠧᠤ ᠰᠢᠶᠠᠩ ᠸᠧᠶ ᠠᠶᠢᠮᠠᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠣᠪᠣᠷ ᠢᠶᠠᠨ ᠢᠯᠡᠳᠬᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠡᠷᠡᠰ ᠬᠦᠷᠢᠶᠡᠯᠡᠵᠦ᠂ ᠡᠨᠡ ᠤᠳᠠᠭᠠᠨ ᠤ | ᠡᠷᠢᠶᠡᠨ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠢ ᠲᠣᠬᠢᠷᠠᠭᠤᠯᠬᠤ ᠪᠣᠯ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠣᠰ ᠭᠤᠷᠪᠠᠨ ᠨᠥᠬᠦᠷ ᠢ ᠮᠡᠳᠡᠷᠡᠭᠰᠡᠨ ᠶᠠᠪᠤᠳᠠᠯ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠯᠢ ᠶᠢᠨ ᠭᠤᠤᠯ ᠠᠶᠢᠮᠠᠭ ᠪᠠ ᠡᠷᠢᠶᠡᠨ ᠬᠤᠲᠠ ᠶᠢᠨ | ᠠᠵᠤ ᠠᠬᠤᠶ ᠨᠡᠶᠢᠭᠡᠮ᠂ ᠤᠳᠤᠷᠢᠳᠬᠤ ᠪᠠᠭ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠬᠦᠢᠴᠡᠳ ᠬᠠᠷᠠᠭᠤᠯᠵᠤ᠂ ᠣᠯᠠᠨ ᠢᠶᠠᠷ ᠢᠶᠠᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠣᠷᠢᠳᠦ ᠪᠣᠳᠣᠯᠭ᠎ᠠ ᠳᠡᠭᠡᠷ᠎ᠡ | ᠨᠢᠭᠡᠳᠬᠡᠵᠦ᠂ ᠲᠦᠷᠦᠭᠦᠯᠡᠨ ᠤᠯᠤᠰ ᠲᠦᠷᠦ ᠶᠢ ᠡᠷᠬᠢᠮᠯᠡᠵᠦ᠂ ᠪᠦᠬᠦ ᠲᠠᠯ᠎ᠠ ᠶᠢ ᠬᠠᠷᠠᠭᠠᠯᠵᠠᠨ᠂ ᠡᠭᠦᠷᠭᠡ | ᠲᠤᠰᠢᠶᠠᠯ ᠢᠶᠠᠨ ᠰᠢᠳᠣᠷᠭᠤ ᠪᠠᠷ ᠬᠦᠢᠴᠡᠳᠬᠡᠵᠦ᠂ ᠪᠦᠯᠬᠦᠮᠳᠡᠨ ᠬᠠᠮᠵᠢᠯᠴᠠᠨ᠂ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠡᠴᠦᠰ ᠤᠨ ᠬᠤᠭᠤᠴᠠᠭ᠎ᠠ ᠪᠠ ᠠᠷᠪᠠᠨ ᠳᠦᠷᠪᠡᠳᠦᠬᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠠᠩᠭᠢᠯᠠᠭ᠎ᠠ ᠶᠢᠨ ᠴᠠᠭ ᠦᠶ᠎ᠡ ᠳᠤ᠂ ᠪᠦᠬᠦ ᠲᠠᠯ᠎ᠠ ᠪᠠᠷ ᠴᠢᠨᠡᠭᠡᠯᠢᠭᠵᠢᠭᠰᠡᠨ | ᠦᠷ᠎ᠡ ᠪᠦᠲᠦᠭᠡᠯ ᠢ ᠪᠠᠬᠢᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠠᠢ | ᠬᠡᠪᠡ᠃ | | |