ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠬᠢᠵᠢᠭ ᠲᠠᠢ ᠬᠠᠮᠳᠦ ᠪᠠᠷ ᠳᠡᠮᠡᠴᠡᠶ᠎ᠡ
ᠨᠡᠶᠢᠲᠡᠯᠡᠭᠰᠡᠨ ᠴᠠᠭ᠄
2020/12/10
      ᠨᠢᠭᠡ ᠳᠤᠰᠤᠯ ᠤᠰᠤ ᠴᠦ ᠨᠡᠷᠡᠨ ᠤ ᠭᠡᠷᠡᠯ ᠢ ᠰᠠᠴᠣᠷᠠᠭᠤᠯᠵᠦ᠂ ᠨᠢᠭᠡ ᠬᠤᠪᠢ ᠬᠠᠶᠢᠷ᠎ᠠ ᠨᠢ ᠬᠥᠮᠦᠨ ᠤ ᠶᠢᠷᠲᠢᠨᠴᠦ ᠶᠢᠨ ᠬᠠᠯᠠᠭᠤᠨ ᠳᠤᠯᠠᠭᠠᠨ ᠢ ᠭᠦᠢᠴᠡᠳ ᠢᠯᠡᠷᠡᠭᠦᠯᠳᠡᠭ᠃ ᠬᠡᠳᠦ᠋ᠢᠪᠡᠷ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠠᠭᠠᠵᠢᠮ ᠢᠶᠠᠷ ᠰᠠᠶᠢᠵᠢᠷᠠᠵᠤ  ᠪᠠᠶᠢᠭ᠎ᠠ  ᠴᠦ᠂ ᠤᠯᠤᠰ ᠤᠨ ᠭᠠᠳᠠᠭᠠᠳᠤ ᠶᠢᠨ ᠬᠢᠵᠢᠭ ᠤᠨ ᠪᠠᠶᠢᠳᠠᠯ ᠮᠥᠨ ᠯᠡ ᠲᠡᠶᠢᠮᠦ ᠰᠠᠶᠢᠨ ᠪᠢᠰᠢ ᠪᠠᠶᠢᠭᠰᠠᠭᠠᠷ᠂ ᠡᠭᠦᠨ ᠳᠤ ᠮᠠᠨ ᠤ  ᠬᠦᠷᠰᠢ ᠣᠯᠣᠰ ᠮᠣᠩᠭᠤᠯ ᠤᠯᠤᠰ ᠪᠠᠭᠲᠠᠨ᠎ᠠ᠃ ᠬᠡᠳᠦᠨ ᠡᠳᠦᠷ ᠤᠨ ᠳᠣᠲᠣᠷ᠎ᠠ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠮᠠᠨ ᠤ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢᠲᠤ ᠬᠥᠮᠦᠰ ᠤᠨ ᠬᠠᠨᠳᠢᠪᠯᠠᠭᠰᠠᠨ ᠡᠳ᠋ ᠪᠣᠳᠠᠰ ᠢ ᠲᠠᠰᠤᠷᠠᠯᠲᠠ ᠥᠬᠡᠶ ᠬᠦᠯᠢᠶᠡᠨ ᠠᠪᠴᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦᠨ ᠨᠡᠮᠡᠷᠢᠯᠡᠪᠡ᠃       12 ᠰᠠᠷ᠎ᠠ ᠶᠢᠨ 8 ᠤ ᠡᠳᠦᠷ᠂ ᠮᠠᠨ ᠤ ᠬᠤᠲᠠ ᠶᠢᠨ ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠤᠨ ᠬᠡᠰᠡᠭ ᠭᠡᠰᠢᠭᠦᠳ ᠬᠠᠮᠳᠦ ᠪᠠᠷ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠲᠤ ᠬᠦᠷᠴᠦ᠂ 8 ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ 55 ᠲᠣᠨ ᠭᠤᠯᠢᠷ ᠢᠶᠠᠨ ᠮᠣᠩᠭᠤᠯ ᠤᠯᠤᠰ ᠤᠨ ᠤᠯᠠᠭᠠᠨᠪᠠᠭᠠᠲᠤᠷ ᠰᠦᠬᠡᠪᠠᠭᠠᠲᠤᠷ  ᠣᠷᠣᠭᠤ ᠬᠠᠨᠳᠢᠪᠯᠠᠪᠠ᠃
      ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠤᠨ ᠭᠡᠰᠢᠭᠦᠳ ᠤᠨ ᠣᠯᠠᠩᠬᠢ ᠨᠢ ᠭᠠᠳᠠᠭᠠᠳᠤ ᠭᠠᠷᠭᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶ᠎ᠠ ᠬᠢᠳᠡᠭ ᠬᠤᠳᠠᠯᠳᠤᠭᠠᠴᠢᠨ ᠪᠠᠶᠢᠵᠦ᠂ ᠮᠣᠩᠭᠤᠯ ᠤᠯᠤᠰ ᠲᠠᠢ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠳᠣᠯᠠᠵᠦ ᠪᠠᠶᠢᠨ᠎ᠠ  ᠃ ᠮᠣᠩᠭᠤᠯ ᠤᠯᠤᠰ ᠤᠨ ᠬᠢᠵᠢᠭ ᠤᠨ  ᠪᠠᠶᠢᠳᠠᠯ ᠡᠭᠦᠰᠦᠭᠰᠡᠨ ᠠᠴᠠ ᠨᠠᠰᠢ᠂ ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠮᠣᠩᠭᠤᠯ ᠤᠯᠤᠰ ᠤᠨ ᠬᠢᠵᠢᠭ ᠤᠨ ᠪᠠᠶᠢᠳᠠᠯ ᠤᠨ ᠬᠠᠨᠳᠤᠰᠢ ᠶᠢ ᠮᠠᠰᠢ ᠠᠩᠬᠠᠷᠴᠤ᠂ ᠪᠠᠰᠠ ᠬᠤᠶᠢᠨ᠎ᠠ ᠬᠤᠶᠢᠨ᠎ᠠ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠨᠢ ᠨᠢᠭᠡᠨᠲᠡ ᠲᠡᠳᠡᠨ ᠤ  ᠬᠤᠶᠠᠳᠣᠭᠠᠷ ᠤᠳᠠᠭᠠᠨ ᠤ ᠬᠠᠨᠳᠢᠪᠯᠠᠭᠰᠠᠨ ᠡᠳ᠋ ᠪᠣᠳᠠᠰ ᠪᠣᠯᠵᠠᠢ᠃
          ᠲᠤᠰ ᠡᠳᠦᠷ᠂ ᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠴᠦ ᠬᠠᠶᠢᠷ᠎ᠠ ᠬᠠᠯᠠᠮᠵᠢ ᠶᠢᠨ ᠠᠵᠢᠯᠯᠠᠭ᠎ᠠ ᠳᠤ ᠣᠷᠣᠯᠴᠠᠵᠦ᠂ ᠡᠯ᠎ᠡ ᠠᠩᠭᠢ ᠶᠢᠨ ᠬᠠᠮᠲᠤ ᠰᠤᠷᠤᠭᠴᠢ ᠵᠢᠴᠢ ᠪᠠᠭᠰᠢ᠂ ᠭᠡᠷ ᠤᠨ ᠠᠬᠠᠮᠠᠳ ᠤᠨ ᠰᠠᠶᠢᠨ ᠳᠤᠷ᠎ᠠ ᠠᠴᠠ ᠪᠠᠨ ᠴᠤᠭᠯᠠᠭᠤᠯᠤᠭᠰᠠᠨ 3.8 ᠲᠦᠮᠡᠨ ᠲᠥᠭᠦᠷᠢᠭ ᠤᠨ ᠪᠤᠶᠠᠨ ᠤ ᠮᠥᠩᠭᠦ ᠶᠢ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠳᠡᠳ᠋ ᠺᠤᠨᠰᠦ᠋ᠯ ᠳᠠᠰᠢᠨᠢᠮ᠎ᠠ ᠶᠢᠨ ᠭᠠᠷ ᠲᠤ ᠲᠤᠰᠢᠶᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠤᠰ ᠰᠤᠷᠭᠠᠭᠤᠯᠢ ᠯᠤᠭ᠎ᠠ ᠤᠷᠳᠤ ᠬᠤᠭᠤᠴᠠᠭ᠎ᠠ ᠪᠠᠷ ᠬᠠᠮᠲᠤᠷᠠᠨ ᠠᠵᠢᠯᠯᠠᠬᠤ  ᠬᠠᠷᠢᠯᠴᠠᠭ᠎ᠠ ᠪᠠᠶᠢᠭᠤᠯᠤᠭᠰᠠᠨ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠤᠨ ᠰᠠᠶᠢᠨᠱᠠᠨᠳᠠ ᠬᠤᠳᠠ ᠶᠢᠨ ᠭᠤᠷᠪᠠᠳᠤᠭᠠᠷ ᠬᠡᠦᠬᠡᠳ ᠤᠨ ᠴᠡᠴᠡᠷᠯᠢᠭ ᠢ ᠳᠡᠮᠵᠢᠪᠡ᠃       ᠵᠢᠷᠦᠬᠡ ᠰᠡᠳᠬᠢᠯ ᠤᠨ ᠬᠤᠯᠪᠣᠭ᠎ᠠ ᠲᠠᠢ ᠪᠣᠶᠠᠨ ᠠᠵᠢᠯᠯᠠᠭ᠎ᠠ ᠨᠢ ᠢᠳᠡᠪᠬᠢ ᠬᠦᠴᠦᠨ ᠢ ᠲᠠᠰᠤᠷᠠᠯᠲᠠ ᠤᠢᠭᠡᠢ ᠪᠠᠳᠠᠷᠠᠭᠤᠯᠵᠤ ᠪᠠᠶᠢᠨ᠎ᠠ᠃ ᠬᠦᠴᠢᠷ ᠪᠡᠷᠬᠡᠰᠢᠶᠡᠯ ᠪᠣᠯ ᠲᠦᠷ ᠴᠠᠭ ᠤᠨ ᠬᠢ ᠭᠡᠳᠡᠭ ᠢ ᠪᠢᠳᠡ ᠢᠲᠡᠭᠡᠵᠦ  ᠪᠠᠶᠢᠨ᠎ᠠ᠂ ᠭᠠᠭᠴᠠ ᠬᠦ ᠬᠠᠮᠲᠤ ᠪᠠᠷ ᠭᠠᠷ  ᠬᠤᠯᠪᠣᠯᠴᠠᠵᠦ᠂ ᠴᠠᠭ ᠤᠨ ᠪᠡᠷᠬᠡ ᠶᠢ ᠬᠠᠮᠲᠤ ᠪᠠᠷ ᠳᠣᠭᠤᠯᠪᠠᠯ᠂ ᠯᠠᠪᠲᠠᠢ ᠰᠢᠨ᠎ᠡ ᠢᠷᠡᠭᠡᠳᠦᠢ ᠪᠠᠨ ᠤᠭᠲᠤᠨ ᠠᠪᠴᠢᠷᠠᠬᠤ ᠶᠤᠮ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号