ᠮᠠᠨ ᠤ ᠬᠤᠲᠠ ᠶᠢᠨ ᠬᠤᠶᠠᠷ ᠨᠥᠬᠦᠷ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2020/12/11
              ᠬᠤᠷᠠᠯ ᠤᠨ ᠠᠬᠤᠶ ᠲᠠᠯᠠᠪᠠᠢ    12 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠬᠡᠬᠤᠲᠠ ᠳᠤ ᠪᠥᠬᠦ ᠣᠷᠣᠨ ᠤ ᠬᠦᠳᠡᠯᠮᠣᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠮᠠᠨ ᠤ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳ᠋ᠦᠩ ᠴᠦᠨ ᠶᠢᠩ ᠪᠣᠯᠤᠨ ᠬᠤᠲᠠ ᠶᠢᠨ ᠬᠤᠤ  ᠭᠠᠩ ᠵᠢᠮᠢᠰ ᠨᠣᠭᠤᠭ᠎ᠠ ᠪᠤᠳᠠᠭ᠎ᠠ ᠲᠣᠰᠣ ᠣᠷᠣᠭᠤᠯᠵᠤ ᠭᠠᠷᠭᠠᠬᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠳᠦ ᠺᠣᠮᠫᠠᠨᠢ ᠶᠢᠨ ᠲᠤᠬᠠᠶᠢᠯᠠᠭᠰᠠᠨ ᠠᠵᠢᠯᠲᠠᠨ ᠸᠠᠩ ᠹᠸᠢ ᠬᠤᠶᠠᠷ ᠨᠥᠬᠦᠷ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃
         ᠮᠠᠨ ᠤ ᠬᠤᠲᠠ ᠳᠤ ᠬᠤᠪᠢᠶᠠᠷᠢ ᠬᠤᠷᠠᠯ ᠤᠨ ᠲᠠᠯᠠᠪᠠᠢ  ᠪᠠᠶᠢᠭᠤᠯᠵᠠᠢ    ᠶᠡᠭᠡ ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠮᠠᠨ ᠤ ᠬᠤᠲᠠ ᠵᠠᠰᠠᠭ ᠵᠠᠬᠢᠷᠭᠠᠨ ᠤ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷᠠᠨᠲᠠᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ  ᠳᠠᠷᠤᠭ᠎ᠠ ᠤᠯᠠᠭᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠬᠤᠳᠠ ᠳᠤ ᠪᠠᠶᠢᠭ᠎ᠠ ᠤᠳᠤᠷᠢᠳᠤᠯᠭ᠎ᠠ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃
  ᠯᠦ ᠪᠦᠦ ᠳ᠋ᠦᠩ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ  ᠬᠦᠷᠳᠡᠭᠰᠡᠨ ᠨᠥᠬᠦᠳ ᠲᠤ ᠪᠠᠶᠠᠷ ᠬᠦᠷᠭᠡᠪᠡ    ᠶᠡᠭᠡ ᠬᠤᠷᠠᠯ ᠠᠴᠠ 2015 ᠣᠨ ᠠᠴᠠ ᠨᠠᠰᠢᠬᠢ ᠪᠦᠬᠦ ᠣᠷᠣᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠲᠤ ᠴᠣᠯᠭᠤᠷᠠᠨ ᠭᠠᠷᠤᠭᠰᠠᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠦᠪᠡᠳᠡᠭᠰᠢ ᠶᠡᠬᠡᠪᠡᠷ  ᠬᠦᠬᠢᠬᠦᠯᠦᠨ‌‍ᠰᠠᠶᠢᠰᠢᠶᠠᠵᠠᠶ᠃ ᠪᠦᠬᠦ ᠣᠷᠣᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠳᠠᠶᠢᠴᠢᠯᠠᠨ ᠵᠣᠷᠢᠭᠵᠢᠭᠤᠯᠵᠤ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠨᠡᠭᠡᠭᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ᠃
  ᠬᠤᠲᠠ ᠶᠢᠨ ᠤᠳᠤᠷᠢᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠬᠠᠮᠲᠤ ᠶᠢᠨ ᠰᠡᠭᠦᠳᠡᠷ    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号