ᠬᠤᠳᠠ ᠶᠢᠨ ᠠᠵᠢᠯ ᠣᠯᠭᠤᠯᠳᠠ ᠶᠢᠨ ᠳᠣᠪᠴᠢᠶ᠎ᠠ ︽  ᠨᠢᠭᠡ ᠬᠦᠷᠢᠶᠡᠯᠡᠩ ᠬᠤᠶᠠᠷ ᠰᠠᠭᠤᠷᠢᠨ ᠭᠠᠵᠠᠷ︾  ᠤᠨ ᠳᠦᠷᠢᠶᠡᠰᠦ ᠶᠢ  ᠬᠠᠰᠣᠵᠦ ᠳᠠᠷᠣᠭᠠᠰᠦ ᠶᠢ ᠬᠦᠩᠬᠡᠷᠡᠬᠦᠯᠪᠡ
ᠨᠡᠶᠢᠲᠡᠯᠡᠭᠰᠡᠨ ᠴᠠᠭ᠄
2020/12/14
      ︽︿ᠡᠷᠢᠶᠡᠨ ᠬᠤᠲᠠ ᠬᠢᠵᠢᠭ ᠤᠨ ᠪᠠᠶᠢᠳᠠᠯ ᠤᠨ ᠨᠦᠯᠦᠭᠡ ᠳᠤ ᠬᠠᠨᠳᠣᠭᠤᠯᠵᠦ᠂ ᠠᠵᠢᠯ ᠣᠯᠭᠤᠯᠳᠠ ᠶᠢ ᠳᠣᠭᠳᠠᠪᠣᠷᠢᠵᠢᠭᠤᠯᠬᠤ ᠠᠷᠭ᠎ᠠ ᠬᠡᠮᠵᠢᠶ᠎ᠡ  ᠶᠢ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ  ᠳᠠᠷᠬᠠᠭᠠᠬᠤ ᠳᠣᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠳᠣᠯᠠᠳᠠ᠂  ᠬᠤᠲᠠ ᠶᠢᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠠᠳᠠᠯ ᠦᠢᠯᠡᠰ ᠪᠣᠰᠬᠠᠭᠴᠢᠳ ᠲᠤ ᠲᠠᠯᠠᠪᠤᠷ ᠤᠨ ᠲᠦᠷᠢᠶᠡᠰᠦᠨ ᠮᠥᠩᠭᠦ ᠶᠢᠨ ᠵᠠᠷᠤᠳᠠᠯ ᠢ ᠪᠠᠭᠤᠷᠠᠭᠤᠯᠬᠤ ᠪᠤᠶᠤ ᠬᠠᠰᠤᠵᠤ ᠬᠡᠯᠳᠣᠷᠢᠬᠦᠯᠵᠦ᠂ 3 ᠰᠠᠷ᠎ᠠ  ᠶᠢᠨ  ᠳᠦᠷᠢᠶᠡᠰᠦᠨ ᠵᠠᠷᠤᠳᠠᠯ 23.56 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃
     ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠦ᠂ ᠦᠷ᠎ᠡ ᠪᠦᠲᠦᠮᠵᠢ ᠶᠢ ᠠᠬᠢᠭᠤᠯᠬᠤ ᠶᠢᠨ ᠳᠣᠯᠠᠳᠠ᠂ ᠬᠤᠲᠠ ᠶᠢᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠮᠠᠨ ᠤ ᠬᠤᠲᠠ ᠶᠢᠨ ︽ᠨᠢᠭᠡ  ᠬᠦᠷᠢᠶᠡᠯᠡᠩ ᠬᠤᠶᠠᠷ ᠰᠠᠭᠤᠷᠢᠨ ᠭᠠᠵᠠᠷ︾ ︵ᠦᠨᠳᠦᠰᠦᠲᠡᠨ ᠤ ᠰᠣᠶᠣᠯ ᠤᠨ ᠦᠢᠯᠡᠰ ᠪᠣᠰᠬᠠᠬᠤ ᠬᠦᠷᠢᠶᠡᠯᠡᠩ᠂ ᠲᠢᠶᠠᠨ ᠯᠢ ᠦᠢᠯᠡᠰ ᠪᠣᠰᠬᠠᠵᠦ ᠬᠦᠭᠵᠢᠬᠦᠯᠬᠦ ᠰᠠᠭᠤᠷᠢᠨ ᠭᠠᠵᠠᠷ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠢᠯᠡᠰ ᠪᠣᠰᠬᠠᠵᠦ ᠬᠦᠭᠵᠢᠬᠦᠯᠬᠦ ᠰᠠᠭᠤᠷᠢᠨ ᠭᠠᠵᠠᠷ︶ ᠤᠨ ᠬᠢᠵᠢᠭ ᠤᠨ ᠬᠤᠭᠤᠴᠠᠭᠠᠨ ᠳᠤ ᠲᠠᠯᠠᠪᠤᠷ ᠤᠨ ᠲᠦᠷᠢᠶᠡᠰᠦᠨ ᠮᠥᠩᠭᠦ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠭᠰᠡᠨ  ᠪᠠᠶᠢᠳᠠᠯ ᠳᠤ ᠡᠷᠦᠬᠡ ᠳᠤ ᠣᠷᠣᠵᠤ ᠪᠠᠶᠢᠴᠠᠭᠠᠯᠲᠠ ᠬᠢᠵᠦ᠂ ᠦᠢᠯᠡᠰ ᠪᠣᠰᠬᠠᠭᠴᠢᠳ ᠤᠨ ᠡᠵᠡᠩᠨᠡᠯᠲᠡ ᠶᠢᠨ ᠦᠨᠡᠮᠯᠡᠯ᠂ ᠪᠡᠶ᠎ᠡ ᠶᠢᠨ ᠦᠨᠡᠮᠯᠡᠯ ᠵᠢᠴᠢ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠡᠢ᠃ ᠡᠭᠦᠨ ᠤ ᠬᠠᠮᠲᠤ  ᠦᠢᠯᠡᠰ ᠪᠣᠰᠬᠠᠬᠤ ᠬᠦᠷᠢᠶᠡᠯᠡᠩ  ᠨᠢ ᠦᠢᠯᠡᠰ ᠪᠣᠰᠬᠠᠭᠴᠢᠳ ᠤᠨ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠦᠭᠰᠡᠨ ᠪᠠᠶᠢᠳᠠᠯ ᠢ ᠳᠠᠬᠢᠨ ᠬᠢᠨᠠᠵᠤ᠂ ᠬᠠᠰᠤᠵᠤ ᠬᠡᠯᠲᠦᠷᠢᠭᠦᠯᠬᠦ ᠵᠣᠭᠤᠰᠣᠨ ᠲᠤᠭ᠎ᠠ ᠪᠠ ᠠᠳᠠᠯ  ᠦᠢᠯᠡᠰ ᠴᠣᠭᠴᠠᠯᠠᠭᠴᠢ ᠶᠢᠨ ᠮᠡᠳᠡᠭᠡ ᠵᠠᠩᠭᠢ ᠶᠢᠨ ᠦᠨᠡᠨ ᠪᠣᠳᠠᠲᠠᠶ᠂ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠵᠢᠭ ᠤᠨ ᠬᠤᠭᠤᠴᠠᠭᠠᠨ ᠳᠤ᠂ ᠮᠠᠨ ᠤ ᠬᠤᠲᠠ ᠶᠢᠨ ︽ᠨᠢᠭᠡ ᠬᠦᠷᠢᠶᠡᠯᠡᠩ ᠬᠤᠶᠠᠷ ᠰᠠᠭᠤᠷᠢᠨ ᠭᠠᠵᠠᠷ︾ ᠨᠢ  ᠨᠦᠬᠦᠴᠡᠯ ᠳᠤ ᠨᠡᠶᠢᠴᠡᠬᠦ 60 ᠡᠷᠦᠬᠡ ᠠᠳᠠᠯ  ᠦᠢᠯᠡᠰ ᠴᠣᠭᠴᠠᠯᠠᠭᠴᠢ ᠳᠤ ᠲᠠᠯᠠᠪᠤᠷ ᠤᠨ ᠲᠦᠷᠢᠶᠡᠰᠦᠨ ᠮᠥᠩᠭᠦ ᠶᠢᠨ ᠵᠠᠷᠣᠳᠠᠯ ᠢ ᠬᠠᠰᠤᠵᠤ ᠬᠡᠯᠲᠦᠷᠢᠭᠦᠯᠪᠡ       ᠲᠤᠰ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠ ᠠᠵᠢᠯ ᠣᠯᠭᠤᠯᠲᠠ ᠶᠢ ᠠᠬᠢᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠠᠢ᠃ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠡᠵᠡᠩᠨᠡᠯᠲᠡ ᠶᠢᠨ ᠳᠠᠷᠤᠯᠲᠠ ᠪᠠ ᠠᠳᠠᠯ ᠦᠢᠯᠡᠰ ᠴᠣᠭᠴᠠᠯᠠᠭᠴᠢ ᠶᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢᠨ ᠳᠠᠷᠤᠯᠲᠠ ᠶᠢ ᠤᠯᠠᠮ ᠨᠢᠭᠡ ᠠᠯᠬᠤᠮ ᠨᠠᠮᠳᠠᠭᠤᠯᠬᠤ ᠶᠢᠨ  ᠳᠣᠯᠠᠳᠠ᠂ ᠠᠳᠠᠯ  ᠦᠢᠯᠡᠰ ᠴᠣᠭᠴᠠᠯᠠᠬᠤ ᠥᠪᠡᠷ ᠤᠨ ᠥᠷᠲᠡᠭ ᠢ ᠪᠠᠭᠤᠷᠠᠭᠤᠯᠬᠤ᠂ ᠠᠳᠠᠯ ᠦᠢᠯᠡᠰ ᠴᠣᠭᠴᠠᠯᠠᠵᠤ ᠰᠢᠨ᠎ᠡ ᠶᠢ  ᠡᠬᠦᠳᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠬᠦᠯᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号