ᠮᠠᠨ ᠤ ᠬᠤᠲᠠ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠳᠤ ᠬᠢᠵᠢᠭ ᠢ ᠡᠰᠡᠷᠭᠦᠴᠡᠬᠦ ᠡᠮ ᠡᠮᠨᠡᠯᠭᠡ ᠶᠢᠨ ᠡᠳ᠋ ᠪᠣᠳᠠᠰ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/12/15
   ᠡᠨᠡ ᠵᠢᠯ ᠠᠴᠠ ᠨᠠᠰᠢ᠂ ᠡᠷᠢᠶᠡᠨ ᠬᠤᠲᠠ ᠪᠣᠯᠤᠨ ᠵᠠᠮ ᠤᠨ ᠡᠭᠦᠳᠡ ᠳᠤᠮᠳᠠᠳᠤ ᠮᠣᠩᠭᠤᠯ ᠤᠨ ᠬᠢᠯᠢ ᠶᠢᠨ ᠪᠣᠭᠤᠮᠲᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠬᠢᠨᠠᠮᠠᠭᠠᠶ ᠨᠠᠶᠢᠳᠠᠪᠣᠷᠢᠵᠢᠭᠤᠯᠵᠦ᠂ ᠮᠣᠩᠭᠤᠯ ᠣᠯᠣᠰ ᠲᠤ ᠦᠢᠷ᠎ᠠ ᠶᠢᠨ ᠬᠤᠭᠤᠴᠠᠭᠠᠨ ᠳᠤ ᠭᠠᠷᠤᠭᠰᠠᠨ ᠰᠢᠨ᠎ᠡ ᠲᠢᠲᠢᠮ ᠬᠢᠵᠢᠭ ᠤᠨ ᠪᠠᠶᠢᠳᠠᠯ ᠳᠤ ᠴᠢᠭᠯᠡᠭᠦᠯᠦᠨ᠂ 12 ᠰᠠᠷ᠎ᠠ ᠶᠢᠨ 14 ᠤ ᠡᠳᠦᠷ᠂ ᠮᠣᠩᠭᠤᠯ ᠤᠯᠤᠰ ᠤᠨ ᠡᠷᠢᠶᠡᠨ ᠬᠤᠲᠠ ᠶᠢᠨ ᠬᠤᠳᠠᠯᠳᠤᠭᠠᠴᠢᠳ ᠤᠨ ᠡᠪᠯᠡᠯ᠂ ᠡᠷᠢᠶᠡᠨ ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ ᠤᠨ ᠮᠣᠩᠭᠤᠯ ᠤᠯᠤᠰ ᠲᠤ ᠰᠠᠭᠤᠭ᠎ᠠ ᠲᠥᠯᠥᠭᠡᠯᠡᠭᠴᠢᠳ ᠤᠨ ᠭᠠᠵᠠᠷ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠳᠤ ᠬᠢᠵᠢᠭ ᠢ ᠡᠰᠡᠷᠭᠦᠴᠡᠬᠦ ᠡᠮ ᠡᠮᠨᠡᠯᠭᠡ ᠶᠢᠨ ᠡᠳ᠋ ᠪᠣᠳᠠᠰ ᠬᠠᠨᠳᠢᠪᠯᠠᠬᠤ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠴᠣᠭᠵᠢᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋  ᠳᠡᠷᠢᠬᠦᠯᠡᠭᠴᠢ ᠪᠥᠭᠡᠳ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠰᠢᠯᠢᠩᠪᠠᠭᠠᠲᠤᠷ᠂ ᠮᠣᠩᠭᠤᠯ ᠤᠯᠤᠰ ᠤᠨ ᠦᠪᠣᠷ ᠮᠣᠩᠭᠤᠯ ᠤᠨ ᠬᠤᠳᠠᠯᠳᠤᠭᠠᠴᠢᠳ ᠤᠨ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠱᠦ ᠭᠧᠨ᠂ ᠮᠣᠩᠭᠤᠯ ᠤᠯᠤᠰ ᠤᠨ ᠡᠷᠢᠶᠡᠨ ᠬᠤᠲᠠ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠰᠢ ᠭᠠᠩ ᠶᠣᠰᠣᠯᠠᠯ ᠳᠤ ᠣᠷᠣᠯᠴᠠᠪᠠ᠃ ᠬᠤᠲᠠ ᠶᠢᠨ ᠬᠠᠮ ᠵᠠᠭᠤᠴᠢᠯᠠᠭᠤᠷ ᠤᠨ ᠲᠥᠪ ︽ᠲᠤᠬᠠᠶ ᠶᠢᠨ ᠲᠠᠯᠠᠪᠤᠷ ᠤᠨ ᠡᠭᠦᠯᠡ︾ ᠲᠠᠪᠴᠠᠩ ᠢᠶᠠᠷ ᠪᠥᠬᠦ ᠶᠠᠪᠤᠴᠠ ᠶᠢ ᠰᠢᠭᠤᠳ ᠨᠡᠪᠲᠡᠷᠡᠭᠦᠯᠪᠡ᠃
            ᠬᠠᠨᠳᠢᠪ ᠡᠷᠬᠦᠬᠦ ᠶᠣᠰᠣᠯᠠᠯ ᠤᠨ ᠲᠤᠬᠠᠶ ᠶᠢᠨ ᠲᠠᠯᠠᠪᠠᠢ    ᠶᠣᠰᠣᠯᠠᠯ ᠳᠡᠭᠡᠷ᠎ᠡ᠂ ᠴᠣᠭᠵᠢᠯ ᠪᠣᠯᠤᠨ ᠮᠣᠩᠭᠤᠯ ᠤᠯᠤᠰ ᠤᠨ ᠵᠠᠮ ᠤᠨ ᠡᠭᠦᠳᠡ ᠬᠤᠳᠠ ᠶᠢᠨ ᠵᠠᠰᠠᠭ ᠵᠠᠬᠢᠷᠭᠠᠨ ᠤ  ᠳᠠᠷᠤᠭ᠎ᠠ ᠪᠥᠭᠡᠳ ᠬᠤᠳᠠ ᠶᠢᠨ ᠳᠠᠷᠤᠭ᠎ᠠ  ᠠᠩᠬᠠᠪᠠᠶᠠᠷ ᠸᠢᠳᠢᠣ᠋ ᠪᠠᠷ ᠬᠤᠯᠪᠣᠭ᠎ᠠ ᠠᠪᠬᠤ ᠬᠡᠯᠪᠡᠷᠢ ᠪᠠᠷ ᠰᠠᠨᠠᠯ ᠢᠶᠠᠨ   ᠰᠣᠯᠢᠯᠴᠠᠪᠠ᠃  ᠴᠣᠭᠵᠢᠯ ᠬᠡᠯᠡᠭᠰᠡᠨ ᠨᠢ᠂ ᠡᠷᠢᠶᠡᠨ ᠬᠤᠲᠠ ᠪᠣᠯᠤᠨ ᠵᠠᠮ ᠤᠨ ᠡᠭᠦᠳᠡ ᠨᠥᠬᠦᠷᠰᠡᠭ ᠪᠣᠭᠤᠮᠲᠠ ᠶᠢᠨ ᠬᠤᠲᠠ ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ᠂ ᠬᠤᠶᠠᠷ ᠪᠣᠭᠤᠮᠲᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠣᠭᠤᠯᠵᠦ᠂ ᠢᠯᠠᠩᠭᠤᠶ᠎ᠠ ᠵᠠᠮ ᠤᠨ ᠡᠭᠦᠳᠡ ᠬᠢᠵᠢᠭ ᠭᠠᠷᠤᠭᠰᠠᠨ ᠠᠴᠠ ᠨᠠᠰᠢ᠂ ᠵᠠᠮ ᠤᠨ ᠡᠭᠦᠳᠡ ᠪᠣᠭᠤᠮᠲᠠ ᠶᠢᠨ ᠬᠢᠵᠢᠭ  ᠰᠡᠷᠬᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠬᠠᠯᠠᠮᠵᠢᠯᠠᠵᠤ᠂ ᠡᠨᠡ ᠬᠦ ᠣᠨᠴᠠᠭᠠᠶ ᠴᠠᠭ ᠦᠶ᠎ᠡ ᠳᠤ ᠡᠷᠢᠶᠡᠨ ᠬᠤᠲᠠ ᠶᠢᠨ ᠪᠣᠭᠤᠮᠲᠠ ᠶᠢᠨ ᠥᠷᠭᠡᠨ ᠣᠯᠠᠨ ᠠᠵᠤ ᠠᠬᠤᠶᠢᠯᠠᠯ ᠪᠣᠯᠤᠨ  ᠣᠯᠠᠨ ᠲᠦᠮᠡᠨ ᠵᠠᠮ ᠤᠨ ᠡᠭᠦᠳᠡ ᠪᠣᠭᠤᠮᠲᠠ ᠶᠢᠨ ᠬᠢᠵᠢᠭ ᠢ ᠡᠰᠡᠷᠭᠦᠴᠡᠬᠦ ᠳᠤ ᠢᠳᠡᠪᠬᠢᠲᠡᠶ ᠪᠠᠷ ᠬᠦᠴᠦᠨ ᠴᠢᠳᠠᠯ ᠢᠶᠠᠨ ᠡᠷᠭᠦᠵᠡᠶ᠃ ᠢᠯᠠᠩᠭᠤᠶ᠎ᠠ ᠮᠣᠩᠭᠤᠯ ᠤᠯᠤᠰ ᠤᠨ ᠡᠷᠢᠶᠡᠨ ᠬᠤᠲᠠ ᠶᠢᠨ ᠬᠤᠳᠠᠯᠳᠤᠭᠠᠴᠢᠳ ᠤᠨ ᠡᠪᠯᠡᠯ ᠤᠨ ᠭᠡᠰᠢᠭᠦᠨ ᠠᠵᠤ ᠠᠬᠤᠶᠢᠯᠠᠯ ᠵᠡᠷᠭᠡ ᠬᠠᠯᠠᠭᠤᠨ ᠰᠡᠳᠬᠢᠯ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠦᠷᠨᠢᠬᠦᠯᠵᠦ᠂ ᠭᠠᠷ ᠭᠠᠷ ᠢᠶᠠᠨ ᠬᠤᠯᠪᠣᠬᠤ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠬᠠᠯᠠᠮᠵᠢ ᠶᠢ ᠪᠠᠲᠤ ᠴᠡᠭᠡᠵᠢᠯᠡᠵᠦ᠂ ᠦᠨᠡᠨ ᠰᠡᠳᠬᠢᠯ ᠠᠴᠠ ᠪᠠᠨ ᠬᠠᠪᠰᠣᠷᠣᠯᠴᠠᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠵᠢᠭ ᠢ ᠡᠰᠡᠷᠭᠦᠴᠡᠬᠦ ᠵᠠᠩᠭᠢᠯᠠᠭ᠎ᠠ ᠶᠢᠨ ᠴᠠᠭ ᠦᠶ᠎ᠡ ᠳᠤ ᠴᠢᠳᠠᠯ ᠤᠨ ᠬᠢᠷᠢ ᠪᠠᠷ ᠢᠶᠠᠨ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠵᠡᠶ᠃ ᠡᠨᠡ ᠨᠢ ᠮᠥᠨ ᠴᠦ ᠬᠤᠶᠠᠷ ᠭᠠᠵᠠᠷ ᠤᠨ ᠭᠦᠨ ᠵᠤᠵᠠᠭᠠᠨ ᠨᠥᠬᠦᠷᠯᠡᠯ ᠤᠨ ᠰᠢᠭᠤᠳ ᠭᠡᠷᠡᠴᠢ ᠪᠣᠯᠤᠨ᠎ᠠ᠃ ᠵᠠᠮ ᠤᠨ ᠡᠭᠦᠳᠡ ᠶᠢᠨ ᠬᠢᠵᠢᠭ ᠢ ᠡᠰᠡᠷᠭᠦᠴᠡᠬᠦ ᠶᠠᠪᠤᠴᠠ ᠳᠤ ᠨᠡᠩ ᠶᠡᠭᠡ ᠠᠮᠵᠢᠯᠲᠠ ᠣᠯᠬᠤ ᠶᠢ ᠴᠢᠩ ᠰᠡᠳᠬᠢᠯ ᠠᠴᠠ ᠪᠠᠨ ᠵᠥᠩᠨᠡᠵᠡᠶ᠃ ᠪᠢᠳᠡ ᠦᠷᠭᠦᠯᠵᠢᠯᠡᠨ ᠵᠠᠮ ᠤᠨ ᠡᠭᠦᠳᠡ ᠲᠠᠢ ᠦᠨᠡᠨᠴᠢ ᠪᠠᠷ ᠬᠠᠮᠲᠤᠷᠠᠨ ᠠᠵᠢᠯᠯᠠᠵᠤ᠂ ᠬᠦᠴᠢᠷ ᠪᠡᠷᠬᠡᠰᠢᠶᠡᠯ ᠢ  ᠬᠠᠮᠳᠣᠪᠠᠷ ᠲᠤᠭᠤᠯᠬᠤ ᠪᠣᠯᠤᠨ᠎ᠠ᠃    ᠠᠩᠬᠠᠪᠠᠶᠠᠷ ᠠᠴᠠ᠄ ᠮᠣᠩᠭᠤᠯ ᠤᠯᠤᠰ ᠲᠤ ᠬᠢᠵᠢᠭ ᠭᠠᠷᠤᠭᠰᠠᠨ ᠠᠴᠠ ᠨᠠᠰᠢ᠂ ᠳᠤᠮᠳᠠᠳᠤ ᠤᠯᠤᠰ ᠤᠨ ᠡᠯ᠎ᠡ ᠭᠠᠵᠠᠷ ᠣᠷᠣᠨ ᠤᠷᠢᠳ ᠬᠤᠵᠢᠳ ᠲᠤᠰᠠᠯᠠᠮᠵᠢ ᠦᠵᠡᠭᠦᠯᠵᠦ᠂ ᠮᠣᠩᠭᠤᠯ ᠤᠯᠤᠰ ᠲᠤ ᠮᠠᠰᠢ ᠣᠯᠠᠨ ᠬᠢᠵᠢᠭ ᠢ ᠡᠰᠡᠷᠭᠦᠴᠡᠬᠦ ᠡᠳ᠋ ᠪᠣᠳᠠᠰ ᠬᠠᠨᠳᠢᠪᠯᠠᠪᠠ᠃ ᠡᠭᠦᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠬᠤᠶᠢᠰᠢᠳᠠ᠂ ᠵᠠᠮ ᠤᠨ ᠡᠭᠦᠳᠡ ᠬᠢᠯᠢ ᠪᠠᠷ ᠣᠷᠣᠵᠤ ᠭᠠᠷᠬᠤ ᠲᠡᠷᠭᠡ ᠬᠥᠰᠬᠡ᠂ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ  ᠣᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ  ᠪᠠᠶᠢᠳᠠᠯ ᠡᠭᠦᠰᠬᠦ ᠦᠭᠡᠢ ᠬᠠᠷᠠᠯᠲᠠ ᠳᠤ ᠬᠦᠷᠴᠦ᠂ ᠬᠢᠵᠢᠭ ᠤᠨ ᠪᠠᠶᠢᠳᠠᠯ ᠪᠣᠭᠤᠮᠲᠠ ᠠᠴᠠ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠯᠴᠠᠭᠠᠨ ᠤ ᠨᠥᠬᠦᠷᠰᠡᠭ ᠬᠠᠷᠢᠴᠠᠭ᠎ᠠ ᠴᠤ ᠪᠦᠬᠦ ᠲᠠᠯ᠎ᠠ ᠶᠢᠨ ᠬᠦᠭᠵᠢᠯᠳᠠ ᠶᠢᠨ ᠱᠠᠲᠤᠨ ᠳᠤ ᠣᠷᠣᠬᠤ ᠪᠣᠯᠤᠨ᠎ᠠ᠃
            ᠡᠮ ᠡᠮᠨᠡᠯᠭᠡ ᠶᠢᠨ ᠡᠳ᠋ ᠪᠣᠳᠠᠰ ᠢ ᠪᠡᠯᠡᠭᠯᠡᠨ ᠬᠦᠷᠭᠡᠬᠦ    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠯᠡᠭᠯᠡᠨ ᠬᠦᠷᠭᠡᠬᠦ ᠶᠣᠰᠣᠯᠠᠯ ᠳᠤᠮᠳᠠ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠳᠤ ᠨᠡᠶᠢᠲᠡ 11.5 ᠲᠦᠮᠡᠨ ᠲᠥᠭᠦᠷᠢᠭ ᠤᠨ ᠬᠢᠵᠢᠭ ᠰᠡᠷᠭᠡᠶᠢᠯᠡᠬᠦ ᠡᠮ ᠡᠮᠨᠡᠯᠭᠡ ᠶᠢᠨ ᠡᠳ᠋ ᠪᠣᠳᠠᠰ ᠬᠠᠨᠳᠢᠪᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号