ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠨ᠎ᠠ︕ ᠯᠢᠦ ᡁᠢ ᠫᠢᠩ ᠤᠯᠠᠨ ᠲᠦᠮᠡᠨ ᠢ ᠬᠦᠯᠢᠶᠡᠨ ᠠᠪᠴᠤ ᠵᠣᠴᠢᠯᠠᠪᠠ
ᠨᠡᠶᠢᠲᠡᠯᠡᠭᠰᠡᠨ ᠴᠠᠭ᠄
2020/12/16
      ᠬᠤᠲᠠ ᠶᠢᠨ ᠤᠳᠤᠷᠢᠳᠤᠯᠭ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ ᠤᠨ ᠲᠣᠬᠢᠷᠠᠭᠤᠯᠤᠯᠲᠠ ᠶᠢ ᠦᠨᠳᠣᠰᠦᠯᠡᠵᠦ᠂ 12 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠬᠦᠷᠴᠦ᠂ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠢ ᠬᠦᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ  ᠰᠣᠨᠣᠰᠴᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠣᠷᠢᠯᠡᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠬᠤᠩ ᠬᠠᠮᠲᠤ ᠣᠷᠣᠯᠴᠠᠵᠠᠶ᠃
  ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠣᠯᠠᠨ ᠲᠦᠮᠡᠨ ᠢ ᠬᠦᠯᠢᠶᠡᠨ ᠠᠪᠤᠨ᠎ᠠ      ᠵᠠᠬᠢᠳᠠᠯ ᠰᠤᠷᠪᠤᠯᠵᠢᠯᠠᠭ᠎ᠠ ᠬᠦᠯᠢᠶᠡᠬᠦ ᠳᠡᠭᠡᠨ᠂ ᠯᠢᠦ ᡁᠢ ᠫᠢᠩ ᠬᠥᠮᠦᠰ ᠲᠠᠢ ᠨᠢᠭᠤᠷᠳᠠᠨ ᠶᠠᠷᠢᠯᠴᠠᠵᠤ᠂ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠲᠤᠰ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠪᠣᠳᠠᠲᠠᠶ ᠪᠠᠶᠢᠳᠠᠯ ᠢ  ᠨᠠᠷᠢᠨ ᠣᠶᠢᠯᠠᠭᠠᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ  ᠮᠦᠴᠢᠷ ᠤᠨ ᠬᠠᠷᠢᠭᠤᠴᠠᠯᠭᠠᠲᠠᠨ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠵᠠᠬᠢᠳᠠᠯ  ᠰᠣᠷᠪᠣᠯᠵᠢᠯᠠᠭ᠎ᠠ ᠶᠢᠨ ᠠᠰᠠᠭᠤᠳᠠᠯ ᠤᠨ ᠡᠭᠦᠰᠦᠭᠰᠡᠨ ᠰᠢᠯᠲᠠᠭᠠᠨ᠂ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠵᠡᠷᠭᠡ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃      ᠯᠢᠦ ᡁᠢ ᠫᠢᠩ ᠲᠤᠬᠠᠶ ᠶᠢᠨ ᠲᠠᠯᠠᠪᠠᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠢᠢᠳᠪᠣᠷᠢᠯᠡᠬᠦ ᠠᠷᠭ᠎ᠠ᠂ ᠠᠷᠢᠯᠭᠠᠬᠤ ᠲᠥᠰᠦᠯ ᠢ ᠰᠤᠳᠤᠯᠤᠨ ᠶᠠᠷᠢᠯᠴᠠᠵᠤ᠂ ᠪᠣᠳᠠᠲᠠᠶ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠱᠠᠭᠠᠷᠳᠠᠵᠠᠶ᠃ ᠲᠤᠰᠬᠠᠶ ᠬᠥᠮᠦᠨ ᠢᠶᠠᠷ ᠰᠢᠮᠳᠠᠭᠤᠯᠤᠨ  ᠰᠢᠢᠳᠪᠣᠷᠢᠯᠡᠬᠦ ᠶᠢ ᠲᠣᠳᠣᠷᠬᠠᠶᠢᠯᠠᠵᠤ᠂ ᠲᠦᠷᠭᠡᠬᠡᠨ ᠰᠢᠢᠳᠪᠣᠷᠢᠯᠡᠵᠦ ᠳᠠᠭᠤᠰᠬᠠᠬᠤ ᠬᠡᠷᠡᠭᠲᠡᠶ ᠭᠡᠵᠦ ᠱᠠᠭᠠᠷᠳᠠᠪᠠ᠃      ᠯᠢᠦ ᡁᠢ ᠫᠢᠩ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠵᠦᠶ ᠵᠣᠬᠢᠰᠲᠠᠶ ᠬᠠᠤᠯᠢ ᠳᠤ ᠨᠡᠶᠢᠴᠡᠬᠦ ᠱᠠᠭᠠᠷᠳᠠᠯᠭ᠎ᠠ ᠶᠢ ᠡᠷᠡᠰ ᠬᠠᠮᠠᠭᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠣᠯᠠᠨ ᠲᠦᠮᠡᠨ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠣᠷᠢᠯᠡᠨ ᠦᠭᠴᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ᠂ ᠣᠯᠠᠨ ᠲᠦᠮᠡᠨ ᠳᠤ ᠦᠨᠡᠨᠬᠦ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ   ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号