ᠮᠠᠯᠴᠢᠨ ᠴᠣᠭᠲᠤ  ᠵᠣᠯ ᠵᠢᠷᠭᠠᠯᠲᠤ ᠠᠮᠢᠳᠤᠷᠠᠯ ᠵᠦᠭ ᠤᠷᠤᠭᠰᠢᠯᠠᠨ᠎ᠠ
ᠨᠡᠶᠢᠲᠡᠯᠡᠭᠰᠡᠨ ᠴᠠᠭ᠄
2020/12/17
      ᠬᠡᠷᠡᠯᠳᠦᠠᠣᠳᠦ ᠰᠣᠮᠣᠨ ᠤ ᠡᠷᠳᠡᠨᠢᠭᠤᠪᠢ ᠭᠠᠴᠠᠭ᠎ᠠ ᠶᠢᠨ ᠮᠠᠯᠴᠢᠨ ᠴᠣᠭᠲᠤ ᠬᠦᠤ ᠲᠠᠢ ᠪᠠᠨ ᠬᠠᠮᠳᠦ ᠴᠢᠨᠠᠷ ᠰᠠᠶᠢᠲᠠᠶ ᠲᠡᠵᠢᠭᠡᠯ ᠡᠪᠡᠰᠦ ᠪᠣᠯᠤᠨ ᠲᠡᠵᠢᠭᠡᠯ ᠪᠣᠷᠳᠤᠭ᠎ᠠ ᠪᠠᠨ ᠤᠷᠢᠳᠴᠢᠯᠠᠨ ᠬᠤᠳᠠᠯᠳᠤᠨ ᠠᠪᠬᠤ ᠡᠪᠣᠯ ᠤᠨ ᠪᠡᠯᠡᠳᠬᠡᠯ ᠢᠶᠠᠨ ᠬᠢᠨ᠎ᠡ᠃  ᠳᠡᠳᠡᠨ ᠤ ᠬᠢᠨᠢ 30 ᠭᠠᠷᠤᠶ ᠦᠬᠡᠷ᠂ 400 ᠰᠢᠬᠠᠮ ᠬᠤᠨᠢ᠂ 8  ᠠᠳᠣᠭᠤ ᠲᠠᠢ ᠪᠠᠶᠢᠳᠠᠭ᠃ ᠬᠡᠯᠡᠬᠦ ᠳᠤ ᠪᠠᠰᠠ ᠭᠡᠷ ᠤᠨ ᠠᠮᠢᠳᠤᠷᠠᠯ ᠪᠠᠶᠠᠨ ᠴᠢᠨᠡᠭᠡᠯᠢᠭ ᠡᠷᠦᠬᠡ ᠪᠣᠯᠤᠨ᠎ᠠ᠃ ᠵᠥᠪᠬᠡᠨ ᠬᠤᠳᠠᠯᠳᠤᠨ ᠠᠪᠤᠭᠰᠠᠨ ᠡᠯ᠎ᠡ ᠲᠥᠷᠥᠯ ᠤᠨ ᠡᠪᠡᠰᠦ ᠪᠣᠷᠳᠤᠭ᠎ᠠ ᠳᠤ ᠡᠷᠳᠡᠨᠢ ᠰᠢᠰᠢ ᠶᠢᠨ ᠰᠢᠭᠠᠷᠤ  ᠵᠡᠷᠭᠡ ᠨᠢ 150 ᠤᠭᠤᠲᠠ 15000 ᠵᠢᠩ ᠣᠷᠴᠢᠮ ᠬᠦᠷᠴᠡᠶ᠃
    ᠴᠣᠭᠳᠦ ᠶᠢᠨ ᠬᠦᠦ ᠡᠷᠳᠡᠨᠢᠪᠢᠯᠢᠭ ᠪᠣᠯ ᠲᠠᠷᠢᠬᠢ ᠲᠣᠯᠣᠭᠠᠶ ᠬᠤᠷᠴᠠ᠂  ᠦᠬᠡ ᠳᠠᠭᠤ ᠴᠦᠬᠡᠨ ᠲᠠᠢ ᠬᠦᠮᠦᠨ ᠶᠤᠮ᠃ ᠲᠡᠷᠡ ᠪᠣᠯ ᠭᠠᠴᠠᠭᠠᠨ ᠤ ᠭᠡᠰᠢᠭᠦᠨ᠂ ᠪᠠᠰᠠ  ᠬᠡᠷᠡᠯᠳᠦᠠᠣᠳᠦ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠰᠠᠶᠢᠨ ᠬᠠᠪᠰᠤᠷᠤᠭᠴᠢ᠂ ᠮᠠᠯ ᠠᠵᠤ ᠠᠬᠤᠢ ᠶᠢᠨ ᠦᠢᠯᠡᠳᠪᠣᠷᠢᠯᠡᠯ ᠳᠤ ᠮᠡᠷᠭᠡᠰᠢᠭᠰᠡᠨ ᠬᠥᠮᠦᠨ ᠳᠤ ᠲᠣᠭᠠᠴᠠᠭᠳᠠᠨ᠎ᠠ᠃    ᠰᠤᠷᠪᠤᠯᠵᠢᠯᠠᠭᠴᠢ  ᠳᠡᠳᠡᠨ ᠤ ᠳᠤ ᠠᠶᠢᠯᠴᠢᠯᠠᠬᠤ ᠪᠠᠷ ᠢᠷᠡᠬᠦ ᠳᠤ᠂ ᠲᠡᠳᠡ ᠶᠠᠭ ᠮᠠᠯ ᠳᠤ ᠡᠪᠡᠰᠦ ᠪᠣᠷᠳᠤᠭ᠎ᠠ ᠪᠡᠯᠡᠳᠬᠡᠵᠦ ᠶᠠᠭᠠᠷᠠᠵᠦ ᠪᠠᠶᠢᠯ᠎ᠠ᠃
        ᠴᠣᠭᠲᠤ ᠣᠷᠢᠶᠠᠮᠠᠭ ᠮᠢᠬ᠎ᠠ ᠬᠢᠵᠦ  ᠪᠠᠶᠢᠨ᠎ᠠ    ᠡᠪᠡᠰᠦ ᠪᠣᠷᠳᠤᠭ᠎ᠠ ᠠᠴᠠ ᠭᠠᠳᠠᠨ᠎ᠠ᠂ ᠮᠠᠯᠴᠢᠳ ᠡᠪᠦᠯᠵᠢᠬᠦ ᠳᠤ ᠵᠠᠪᠠᠯ ᠬᠡᠷᠡᠭᠰᠡᠬᠦ ᠵᠦᠢᠯ — ᠦᠬᠡᠷ ᠬᠤᠨᠢᠨ  ᠤ ᠮᠢᠬ᠎ᠠ ᠳᠤᠲᠠᠭᠳᠠᠵᠤ ᠪᠣᠯᠤᠰᠢ ᠥᠬᠡᠶ᠃ ᠡᠷᠳᠡᠨᠢᠭᠤᠪᠢ ᠭᠠᠴᠠᠭ᠎ᠠ ᠪᠣᠯ ᠬᠤᠲᠠ ᠶᠢᠨ ᠲᠣᠭᠤᠷᠢᠭ ᠠᠴᠠ ᠬᠠᠮᠤᠭ  ᠣᠶᠢᠷ᠎ᠠ ᠭᠠᠴᠠᠭ᠎ᠠ ᠪᠣᠯᠤᠨ᠎ᠠ᠃ ᠵᠢᠯ ᠪᠦᠷᠢ ᠶᠢᠨ ᠡᠪᠦᠯ ᠤᠨ ᠡᠬᠢᠨ ᠤ ᠤᠯᠠᠷᠢᠯ ᠪᠣᠯ ᠲᠤᠬᠠᠶ ᠶᠢᠨ ᠭᠠᠵᠠᠷ ᠤᠨ ᠮᠠᠯ ᠠᠵᠤ ᠠᠬᠤᠶ ᠡᠯᠪᠡᠭ ᠬᠤᠷᠢᠶᠠᠯᠲᠠ ᠤᠯᠬᠤ ᠤᠯᠠᠷᠢᠯ ᠪᠣᠯᠤᠨ᠎ᠠ᠂ ᠡᠷᠦᠬᠡ ᠪᠣᠯᠭᠠᠨ ᠴᠥᠮ ᠦᠬᠡᠷ ᠬᠤᠨᠢ ᠠᠯᠠᠬᠤ  ᠢᠳᠡᠰᠢ ᠪᠡᠯᠡᠳᠬᠡᠳᠡᠭ᠃ ᠡᠨᠡ ᠬᠡᠳᠦᠨ ᠡᠳᠦᠷ ᠴᠣᠭᠲᠤ ᠶᠢᠨ ᠭᠡᠷ ᠲᠤ ᠬᠢᠵᠠᠭᠠᠯᠠᠰᠢ ᠦᠭᠡᠢ ᠨᠠᠷᠭᠢᠶᠠᠨ ᠲᠠᠢ᠂ ᠬᠡᠦᠬᠡᠨ ᠤ ᠭᠡᠷ ᠪᠦᠯᠢ ᠪᠣᠯᠤᠨ ᠠᠶᠢᠯ ᠰᠠᠭᠠᠬᠠᠯᠲᠠ ᠨᠤᠭᠤᠳ ᠨᠢ ᠴᠣᠭᠲᠤ ᠶᠢᠨ ᠭᠡᠷ ᠲᠤ ᠴᠤᠭᠯᠠᠷᠠᠵᠤ  ᠬᠦᠭᠵᠢᠶᠡᠨ  ᠲᠠᠢ ᠪᠠᠶᠢᠯ᠎ᠠ᠃
    ᠴᠣᠭᠲᠤ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠡᠪᠦᠯ ᠨᠢᠭᠡ ᠦᠬᠡᠷ ᠪᠠ 8 ᠬᠤᠨᠢ ᠵᠠᠷᠣᠵᠦ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠳᠡᠭᠡᠨ ᠤ ᠬᠠᠲᠠᠭᠠᠭᠰᠠᠨ ᠮᠢᠬ᠎ᠠ ᠪᠠ ᠴᠢᠰᠤᠨ ᠭᠡᠳᠡᠰᠦ ᠬᠢᠵᠦ᠂ ᠨᠦᠬᠦᠭᠡ ᠬᠡᠰᠡᠭ ᠢ ᠨᠢ ᠣᠷᠢᠶᠠᠮᠠᠯ ᠮᠢᠬ᠎ᠠ ᠪᠣᠯᠭᠠᠨ  ᠬᠠᠳᠠᠭᠠᠯᠠᠨ᠎ᠠ᠃ ᠡᠳᠡᠭᠡᠷ ᠦᠬᠡᠷ ᠬᠤᠨᠢᠨ ᠮᠢᠬ᠎ᠠ ᠢᠷᠡᠬᠦ ᠵᠢᠯ ᠤᠨ 6 — 7 ᠰᠠᠷ᠎ᠠ ᠪᠣᠯᠲᠠᠯ᠎ᠠ ᠢᠳᠡᠬᠦ ᠳᠤ ᠠᠰᠠᠭᠤᠳᠠᠯ ᠥᠬᠡᠶ ᠬᠡᠨ᠎ᠡ᠃ ᠬᠠᠪᠰᠤᠷᠤᠭᠰᠠᠨ ᠲᠥᠷᠥᠯ ᠰᠠᠳᠤᠨ ᠨᠠᠶᠢᠵᠠ ᠨᠥᠬᠦᠳ ᠵᠣᠭᠤᠭᠳᠠᠬᠤ ᠶᠢᠨ ᠬᠠᠮᠲᠤ᠂ ᠭᠠᠷ ᠲᠠᠬᠢ ᠠᠵᠢᠯ ᠢᠶᠠᠨ ᠵᠣᠭᠰᠣᠬᠤ ᠦᠭᠡᠢ᠃ ᠵᠡᠭᠦᠳᠦᠨ ᠳᠡᠭᠡᠨ ᠪᠤᠳᠤᠵᠤ ᠪᠠᠶᠢᠭᠰᠠᠨ ᠠᠮᠢᠳᠤᠷᠠᠯ ᠴᠤ ᠪᠡᠶᠡᠯᠡᠯ᠎ᠡ ᠬᠡᠵᠦ ᠴᠣᠭᠲᠤ ᠴᠢᠷᠠᠶᠢᠨ ᠳᠡᠭᠡᠷ᠎ᠡ ᠪᠠᠶᠠᠷ ᠤᠨ ᠢᠨᠢᠶᠡᠳᠦ ᠳᠣᠳᠣᠷᠠᠨ᠎ᠠ᠃    ︽ᠲᠦᠷᠦᠭᠦᠤ ᠬᠡᠳᠦᠨ ᠵᠢᠯ ᠳᠤ ᠪᠠᠶᠢᠭᠠᠯᠢ ᠶᠢᠨ ᠭᠠᠮᠰᠢᠭ ᠠᠴᠠ ᠪᠣᠯᠵᠣ᠂ ᠮᠠᠨ ᠤ ᠣᠷᠣᠯᠭ᠎ᠠ ᠲᠣᠭᠲᠠᠭᠤᠨ ᠪᠤᠰᠤ ᠪᠠᠶᠢᠯ᠎ᠠ᠃  ᠣᠶᠢᠷ᠎ᠠ ᠶᠢᠨ ᠬᠡᠳᠦᠨ ᠵᠢᠯ ᠳᠤ ᠮᠠᠨ ᠤ ᠠᠮᠢᠳᠤᠷᠠᠯ ᠤᠨ ᠨᠥᠬᠦᠴᠡᠯ ᠡᠳᠦᠷ ᠢᠷᠡᠬᠦᠶ᠎ᠡ ᠰᠠᠶᠢᠵᠢᠷᠠᠵᠤ᠂ ᠣᠷᠣᠯᠭ᠎ᠠ  ᠳᠠᠰᠣᠷᠠᠯᠳᠠ ᠦᠭᠡᠢ ᠨᠡᠮᠡᠭᠳᠡᠯ᠎ᠡ᠂ ᠡᠨᠡ ᠵᠢᠯ ᠭᠡᠷ ᠪᠦᠯᠢ ᠶᠢᠨ ᠣᠷᠣᠯᠭ᠎ᠠ 20 ᠲᠦᠮᠡᠨ ᠲᠥᠭᠦᠷᠢᠭ ᠰᠢᠬᠠᠮ ᠪᠣᠯᠵᠠᠶ᠃ ᠪᠢᠳᠡ ᠴᠢᠷᠮᠠᠶᠢᠳᠠᠭ ᠯᠠ ᠶᠤᠮ ᠪᠣᠯ ᠬᠤᠶᠠᠷ ᠭᠠᠷ ᠢᠶᠠᠷ ᠢᠶᠠᠨ ᠨᠠᠩ ᠰᠠᠶᠢᠨ ᠰᠠᠶᠢᠬᠠᠨ ᠠᠮᠢᠳᠤᠷᠠᠯ ᠢ ᠪᠦᠲᠦᠭᠡᠵᠦ ᠴᠢᠳᠠᠨ᠎ᠠ︾ ᠬᠡᠵᠦ ᠴᠣᠭᠳᠦ ᠬᠡᠯᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号