ᠬᠤᠲᠠ ᠶᠢᠨ ᠤᠳᠤᠷᠢᠳᠤᠯᠭ᠎ᠠ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠬᠦᠨᠵᠡᠬᠡᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/12/17
   12 ᠰᠠᠷ᠎ᠠ ᠶᠢᠨ 16 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠭᠦᠨᠵᠡᠭᠡᠶᠢᠷᠡᠨ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ᠂ ᠬᠤᠲᠠ ᠶᠢᠨ ᠳᠡᠳ᠋ ᠳᠠᠷᠤᠭ᠎ᠠ ᠭᠦᠸᠧ ᠫᠢᠩ ᠸᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
  ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠭᠠᠷᠴᠠ ᠶᠢᠨ ᠪᠠᠶᠢᠴᠠᠭᠠᠨ ᠰᠤᠳᠤᠯᠤᠯᠲᠠ ᠳᠤ ᠭᠦᠨᠵᠡᠭᠡᠶᠢᠷᠡᠪᠡ    ᠯᠦ ᠪᠦᠦ ᠳ᠋ᠦᠩ ᠨᠡᠷ ᠤᠷᠢᠳ ᠬᠤᠵᠢᠳ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠭᠠᠷᠴᠠ᠂ ᠾᠦᠢ ᠲᠦᠩ ᠪᠠᠷᠠᠭᠠᠨ ᠤ  ᠬᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠦᠷᠴᠡᠶ᠃ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠵᠢᠴᠢ ᠵᠢᠯᠣᠭᠤᠴᠢ ᠦᠢᠯᠡᠴᠢᠯᠡᠭᠴᠢ ᠶᠢᠨ ᠬᠠᠮᠢᠶᠠᠷᠤᠯᠲᠠ᠂ ᠬᠢᠵᠢᠭ ᠢ ᠰᠡᠷᠭᠡᠶᠢᠯᠡᠬᠦ ᠬᠠᠮᠢᠶᠠᠷᠤᠨ ᠡᠵᠡᠮᠳᠡᠬᠦ ᠴᠤᠪᠤᠷᠠᠯ᠂ ᠬᠦᠯᠳᠡᠬᠦ ᠦᠢᠯᠡᠳᠬᠦᠨ ᠤ ᠪᠠᠷᠠᠭᠠᠨ ᠤ ᠬᠦᠢᠯᠭᠡᠭᠡᠨ ᠤ ᠬᠦᠷᠢᠶᠡᠯᠡᠩ ᠵᠡᠷᠭᠡ ᠪᠠᠶᠢᠳᠠᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ  ᠬᠢᠪᠡ᠃
    ᠬᠤᠢ ᠲᠦᠩ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ    ᠯᠦ ᠪᠦᠦ ᠳ᠋ᠦᠩ ᠴᠢᠬᠤᠯᠠᠴᠢᠯᠠᠭᠰᠠᠨ ᠨᠢ᠂ ᠪᠣᠭᠤᠮᠲᠠ ᠶᠢᠨ ᠬᠢᠯᠢ ᠪᠠᠷ ᠣᠷᠣᠵᠤ ᠢᠷᠡᠬᠦ ᠵᠠᠩᠭᠢᠯᠠᠭ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠪᠣᠯᠬᠤ ᠲᠤᠯᠠ ᠬᠠᠷᠢᠭᠤᠴᠠᠯᠭ᠎ᠠ ᠬᠦᠨᠳᠦ ᠶᠡᠭᠡ ᠂ ᠡᠭᠦᠷᠭᠡ ᠬᠠᠲᠠᠭᠤ ᠪᠡᠷᠬᠡ᠃ ᠡᠯ᠎ᠡ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠤᠳ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠦ᠂ ᠲᠡᠷᠭᠡ ᠬᠥᠰᠬᠡ ᠶᠢ  ᠠᠷᠢᠭᠤᠳᠬᠠᠬᠤ᠂ ᠬᠢᠯᠢ ᠳᠤ ᠣᠷᠣᠵᠤ ᠢᠷᠡᠭᠰᠡᠨ ᠬᠥᠮᠦᠰ ᠢ ᠬᠠᠮᠢᠶᠠᠷᠬᠤ᠂ ᠨᠢᠭᠡᠳᠦᠭᠡᠷ ᠹᠷᠣᠨᠲ ᠤᠨ ᠠᠵᠢᠯᠲᠠᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠠᠵᠢᠯ ᠢ ᠪᠣᠳᠠᠲᠠᠶ ᠪᠥᠭᠡᠳ ᠨᠠᠷᠢᠨ ᠠᠳᠬᠤᠵᠤ ᠴᠢᠩᠭ᠎ᠠ ᠠᠳᠬᠤᠬᠤ ᠬᠡᠷᠡᠭᠲᠡᠶ᠃ ᠡᠮᠦᠨ᠎ᠡ ᠲᠠᠯ᠎ᠠ ᠶᠢᠨ ᠵᠢᠯᠣᠭᠤᠳᠣᠯᠭ᠎ᠠ ᠳᠤ ᠲᠦᠰᠢᠭᠯᠡᠨ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠳᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠠᠳᠠᠭᠠᠳᠤ ᠠᠴᠠ ᠣᠷᠣᠭᠤᠯᠤᠭᠰᠠᠨ  ᠬᠦᠯᠳᠡᠬᠦ ᠪᠦᠲᠦᠭᠡᠭᠳᠡᠬᠦᠨ ᠤ ᠢᠷᠡᠯᠲᠡ ᠶᠢ ᠳᠠᠩᠰᠠᠯᠠᠵᠦ ᠠᠷᠢᠭᠤᠳᠬᠠᠨ ᠪᠠᠶᠢᠴᠠᠭᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠮᠥᠷᠭᠡ ᠳᠤ ᠣᠷᠣᠭᠤᠯᠬᠤ ᠪᠠᠷᠠᠭ᠎ᠠ ᠶᠢᠨ ᠮᠡᠳᠡᠭᠡ ᠵᠠᠩᠭᠢ ᠶᠢᠨ ᠪᠠᠶᠢᠴᠠᠭᠠᠨ ᠰᠢᠯᠭᠠᠬᠤ ᠶᠢ ᠨᠡᠮᠡᠭᠳᠡᠭᠦᠯᠦᠨ᠎ᠡ᠃ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠨ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠠᠪᠤᠴᠠ ᠶᠢ ᠤᠯᠠᠮ ᠨᠢᠭᠡ ᠠᠯᠬᠤᠮ ᠡᠮᠬᠢᠯᠡᠨ᠂ ᠨᠠᠷᠢᠯᠢᠭᠵᠢᠭᠤᠯᠤᠨ ᠰᠡᠷᠭᠡᠶᠢᠯᠡᠨ ᠡᠵᠡᠮᠳᠡᠨ᠎ᠡ᠃ ᠮᠢᠨᠴᠦᠭᠦᠷᠡᠬᠦ ᠦᠵᠡᠯ ᠰᠠᠨᠠᠭ᠎ᠠ ᠪᠠ ᠵᠠᠪᠰᠢᠬᠤ ᠰᠡᠳᠬᠢᠯᠭᠡ ᠶᠢ ᠡᠷᠡᠰ ᠬᠤᠷᠢᠭᠯᠠᠨ ᠵᠣᠭᠰᠣᠭᠠᠵᠤ᠂ ᠳᠡᠭᠡᠳᠦ  ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ  ᠵᠦᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号