| ᠬᠡᠷᠡᠯᠳᠦᠠᠣᠳᠦ ᠰᠣᠮᠣᠨ ᠤ ᠡᠷᠳᠡᠨᠢᠭᠤᠪᠢ ᠭᠠᠴᠠᠭ᠎ᠠ ᠶᠢᠨ ᠮᠠᠯᠴᠢᠨ ᠴᠣᠭᠲᠤ ᠬᠦᠤ ᠲᠠᠢ ᠪᠠᠨ ᠬᠠᠮᠳᠦ ᠴᠢᠨᠠᠷ | ᠰᠠᠶᠢᠲᠠᠶ ᠲᠡᠵᠢᠭᠡᠯ ᠡᠪᠡᠰᠦ ᠪᠣᠯᠤᠨ ᠲᠡᠵᠢᠭᠡᠯ ᠪᠣᠷᠳᠤᠭ᠎ᠠ ᠪᠠᠨ ᠤᠷᠢᠳᠴᠢᠯᠠᠨ ᠬᠤᠳᠠᠯᠳᠤᠨ ᠠᠪᠬᠤ ᠡᠪᠣᠯ ᠤᠨ | ᠪᠡᠯᠡᠳᠬᠡᠯ ᠢᠶᠠᠨ ᠬᠢᠨ᠎ᠡ᠃ ᠳᠡᠳᠡᠨ ᠤ ᠬᠢᠨᠢ 30 ᠭᠠᠷᠤᠶ ᠦᠬᠡᠷ᠂ 400 ᠰᠢᠬᠠᠮ ᠬᠤᠨᠢ᠂ 8 ᠠᠳᠣᠭᠤ ᠲᠠᠢ | ᠪᠠᠶᠢᠳᠠᠭ᠃ ᠬᠡᠯᠡᠬᠦ ᠳᠤ ᠪᠠᠰᠠ ᠭᠡᠷ ᠤᠨ ᠠᠮᠢᠳᠤᠷᠠᠯ ᠪᠠᠶᠠᠨ ᠴᠢᠨᠡᠭᠡᠯᠢᠭ ᠡᠷᠦᠬᠡ ᠪᠣᠯᠤᠨ᠎ᠠ᠃ ᠵᠥᠪᠬᠡᠨ ᠬᠤᠳᠠᠯᠳᠤᠨ | ᠠᠪᠤᠭᠰᠠᠨ ᠡᠯ᠎ᠡ ᠲᠥᠷᠥᠯ ᠤᠨ ᠡᠪᠡᠰᠦ ᠪᠣᠷᠳᠤᠭ᠎ᠠ ᠳᠤ ᠡᠷᠳᠡᠨᠢ ᠰᠢᠰᠢ ᠶᠢᠨ ᠰᠢᠭᠠᠷᠤ ᠵᠡᠷᠭᠡ ᠨᠢ 150 ᠤᠭᠤᠲᠠ | 15000 ᠵᠢᠩ ᠣᠷᠴᠢᠮ ᠬᠦᠷᠴᠡᠶ᠃ | ᠴᠣᠭᠳᠦ ᠶᠢᠨ ᠬᠦᠦ ᠡᠷᠳᠡᠨᠢᠪᠢᠯᠢᠭ ᠪᠣᠯ ᠲᠠᠷᠢᠬᠢ ᠲᠣᠯᠣᠭᠠᠶ ᠬᠤᠷᠴᠠ᠂ ᠦᠬᠡ ᠳᠠᠭᠤ ᠴᠦᠬᠡᠨ ᠲᠠᠢ | ᠬᠦᠮᠦᠨ ᠶᠤᠮ᠃ ᠲᠡᠷᠡ ᠪᠣᠯ ᠭᠠᠴᠠᠭᠠᠨ ᠤ ᠭᠡᠰᠢᠭᠦᠨ᠂ ᠪᠠᠰᠠ ᠬᠡᠷᠡᠯᠳᠦᠠᠣᠳᠦ ᠶᠢᠨ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠰᠠᠶᠢᠨ ᠬᠠᠪᠰᠤᠷᠤᠭᠴᠢ᠂ ᠮᠠᠯ ᠠᠵᠤ ᠠᠬᠤᠢ ᠶᠢᠨ ᠦᠢᠯᠡᠳᠪᠣᠷᠢᠯᠡᠯ ᠳᠤ ᠮᠡᠷᠭᠡᠰᠢᠭᠰᠡᠨ ᠬᠥᠮᠦᠨ ᠳᠤ | ᠲᠣᠭᠠᠴᠠᠭᠳᠠᠨ᠎ᠠ᠃ | ᠰᠤᠷᠪᠤᠯᠵᠢᠯᠠᠭᠴᠢ ᠳᠡᠳᠡᠨ ᠤ ᠳᠤ ᠠᠶᠢᠯᠴᠢᠯᠠᠬᠤ ᠪᠠᠷ ᠢᠷᠡᠬᠦ ᠳᠤ᠂ ᠲᠡᠳᠡ ᠶᠠᠭ ᠮᠠᠯ ᠳᠤ ᠡᠪᠡᠰᠦ ᠪᠣᠷᠳᠤᠭ᠎ᠠ | ᠪᠡᠯᠡᠳᠬᠡᠵᠦ ᠶᠠᠭᠠᠷᠠᠵᠦ ᠪᠠᠶᠢᠯ᠎ᠠ᠃ | ᠡᠪᠡᠰᠦ ᠪᠣᠷᠳᠤᠭ᠎ᠠ ᠠᠴᠠ ᠭᠠᠳᠠᠨ᠎ᠠ᠂ ᠮᠠᠯᠴᠢᠳ ᠡᠪᠦᠯᠵᠢᠬᠦ ᠳᠤ ᠵᠠᠪᠠᠯ ᠬᠡᠷᠡᠭᠰᠡᠬᠦ ᠵᠦᠢᠯ — ᠦᠬᠡᠷ | ᠬᠤᠨᠢᠨ ᠤ ᠮᠢᠬ᠎ᠠ ᠳᠤᠲᠠᠭᠳᠠᠵᠤ ᠪᠣᠯᠤᠰᠢ ᠥᠬᠡᠶ᠃ ᠡᠷᠳᠡᠨᠢᠭᠤᠪᠢ ᠭᠠᠴᠠᠭ᠎ᠠ ᠪᠣᠯ ᠬᠤᠲᠠ ᠶᠢᠨ ᠲᠣᠭᠤᠷᠢᠭ ᠠᠴᠠ | ᠬᠠᠮᠤᠭ ᠣᠶᠢᠷ᠎ᠠ ᠭᠠᠴᠠᠭ᠎ᠠ ᠪᠣᠯᠤᠨ᠎ᠠ᠃ ᠵᠢᠯ ᠪᠦᠷᠢ ᠶᠢᠨ ᠡᠪᠦᠯ ᠤᠨ ᠡᠬᠢᠨ ᠤ ᠤᠯᠠᠷᠢᠯ ᠪᠣᠯ ᠲᠤᠬᠠᠶ ᠶᠢᠨ | ᠭᠠᠵᠠᠷ ᠤᠨ ᠮᠠᠯ ᠠᠵᠤ ᠠᠬᠤᠶ ᠡᠯᠪᠡᠭ ᠬᠤᠷᠢᠶᠠᠯᠲᠠ ᠤᠯᠬᠤ ᠤᠯᠠᠷᠢᠯ ᠪᠣᠯᠤᠨ᠎ᠠ᠂ ᠡᠷᠦᠬᠡ ᠪᠣᠯᠭᠠᠨ ᠴᠥᠮ ᠦᠬᠡᠷ | ᠬᠤᠨᠢ ᠠᠯᠠᠬᠤ ᠢᠳᠡᠰᠢ ᠪᠡᠯᠡᠳᠬᠡᠳᠡᠭ᠃ ᠡᠨᠡ ᠬᠡᠳᠦᠨ ᠡᠳᠦᠷ ᠴᠣᠭᠲᠤ ᠶᠢᠨ ᠭᠡᠷ ᠲᠤ ᠬᠢᠵᠠᠭᠠᠯᠠᠰᠢ ᠦᠭᠡᠢ | ᠨᠠᠷᠭᠢᠶᠠᠨ ᠲᠠᠢ᠂ ᠬᠡᠦᠬᠡᠨ ᠤ ᠭᠡᠷ ᠪᠦᠯᠢ ᠪᠣᠯᠤᠨ ᠠᠶᠢᠯ ᠰᠠᠭᠠᠬᠠᠯᠲᠠ ᠨᠤᠭᠤᠳ ᠨᠢ ᠴᠣᠭᠲᠤ ᠶᠢᠨ ᠭᠡᠷ ᠲᠤ | ᠴᠤᠭᠯᠠᠷᠠᠵᠤ ᠬᠦᠭᠵᠢᠶᠡᠨ ᠲᠠᠢ ᠪᠠᠶᠢᠯ᠎ᠠ᠃ | ᠴᠣᠭᠲᠤ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠡᠪᠦᠯ ᠨᠢᠭᠡ ᠦᠬᠡᠷ ᠪᠠ 8 ᠬᠤᠨᠢ ᠵᠠᠷᠣᠵᠦ᠂ | ᠮᠣᠩᠭᠤᠯ ᠦᠨᠳᠦᠰᠦᠲᠡᠨ ᠤ ᠤᠯᠠᠮᠵᠢᠯᠠᠯᠲᠤ ᠢᠳᠡᠭᠡᠨ ᠤ ᠬᠠᠲᠠᠭᠠᠭᠰᠠᠨ ᠮᠢᠬ᠎ᠠ ᠪᠠ ᠴᠢᠰᠤᠨ ᠭᠡᠳᠡᠰᠦ ᠬᠢᠵᠦ᠂ | ᠨᠦᠬᠦᠭᠡ ᠬᠡᠰᠡᠭ ᠢ ᠨᠢ ᠣᠷᠢᠶᠠᠮᠠᠯ ᠮᠢᠬ᠎ᠠ ᠪᠣᠯᠭᠠᠨ ᠬᠠᠳᠠᠭᠠᠯᠠᠨ᠎ᠠ᠃ ᠡᠳᠡᠭᠡᠷ ᠦᠬᠡᠷ ᠬᠤᠨᠢᠨ ᠮᠢᠬ᠎ᠠ ᠢᠷᠡᠬᠦ ᠵᠢᠯ ᠤᠨ | 6 — 7 ᠰᠠᠷ᠎ᠠ ᠪᠣᠯᠲᠠᠯ᠎ᠠ ᠢᠳᠡᠬᠦ ᠳᠤ ᠠᠰᠠᠭᠤᠳᠠᠯ ᠥᠬᠡᠶ ᠬᠡᠨ᠎ᠡ᠃ ᠬᠠᠪᠰᠤᠷᠤᠭᠰᠠᠨ ᠲᠥᠷᠥᠯ ᠰᠠᠳᠤᠨ ᠨᠠᠶᠢᠵᠠ | ᠨᠥᠬᠦᠳ ᠵᠣᠭᠤᠭᠳᠠᠬᠤ ᠶᠢᠨ ᠬᠠᠮᠲᠤ᠂ ᠭᠠᠷ ᠲᠠᠬᠢ ᠠᠵᠢᠯ ᠢᠶᠠᠨ ᠵᠣᠭᠰᠣᠬᠤ ᠦᠭᠡᠢ᠃ ᠵᠡᠭᠦᠳᠦᠨ ᠳᠡᠭᠡᠨ ᠪᠤᠳᠤᠵᠤ | ᠪᠠᠶᠢᠭᠰᠠᠨ ᠠᠮᠢᠳᠤᠷᠠᠯ ᠴᠤ ᠪᠡᠶᠡᠯᠡᠯᠡ ᠬᠡᠵᠦ ᠴᠣᠭᠲᠤ ᠴᠢᠷᠠᠶᠢᠨ ᠳᠡᠭᠡᠷ᠎ᠡ ᠪᠠᠶᠠᠷ ᠤᠨ ᠢᠨᠢᠶᠡᠳᠦ ᠳᠣᠳᠣᠷᠠᠨ᠎ᠠ᠃ | ︽ᠲᠦᠷᠦᠭᠦᠤ ᠬᠡᠳᠦᠨ ᠵᠢᠯ ᠳᠤ ᠪᠠᠶᠢᠭᠠᠯᠢ ᠶᠢᠨ ᠭᠠᠮᠰᠢᠭ ᠠᠴᠠ ᠪᠣᠯᠵᠣ᠂ ᠮᠠᠨ ᠤ ᠣᠷᠣᠯᠭ᠎ᠠ ᠲᠣᠭᠲᠠᠭᠤᠨ | ᠪᠤᠰᠤ ᠪᠠᠶᠢᠯ᠎ᠠ᠃ ᠣᠶᠢᠷ᠎ᠠ ᠶᠢᠨ ᠬᠡᠳᠦᠨ ᠵᠢᠯ ᠳᠤ ᠮᠠᠨ ᠤ ᠠᠮᠢᠳᠤᠷᠠᠯ ᠤᠨ ᠨᠥᠬᠦᠴᠡᠯ ᠡᠳᠦᠷ ᠢᠷᠡᠬᠦᠶ᠎ᠡ | ᠰᠠᠶᠢᠵᠢᠷᠠᠵᠤ᠂ ᠣᠷᠣᠯᠭ᠎ᠠ ᠳᠠᠰᠣᠷᠠᠯᠳᠠ ᠦᠭᠡᠢ ᠨᠡᠮᠡᠭᠳᠡᠯ᠎ᠡ᠂ ᠡᠨᠡ ᠵᠢᠯ ᠭᠡᠷ ᠪᠦᠯᠢ ᠶᠢᠨ ᠣᠷᠣᠯᠭ᠎ᠠ 20 ᠲᠦᠮᠡᠨ | ᠲᠥᠭᠦᠷᠢᠭ ᠰᠢᠬᠠᠮ ᠪᠣᠯᠵᠠᠶ᠃ ᠪᠢᠳᠡ ᠴᠢᠷᠮᠠᠶᠢᠳᠠᠭ ᠯᠠ ᠶᠤᠮ ᠪᠣᠯ ᠬᠤᠶᠠᠷ ᠭᠠᠷ ᠢᠶᠠᠷ ᠢᠶᠠᠨ ᠨᠠᠩ ᠰᠠᠶᠢᠨ ᠰᠠᠶᠢᠬᠠᠨ | ᠠᠮᠢᠳᠤᠷᠠᠯ ᠢ ᠪᠦᠲᠦᠭᠡᠵᠦ ᠴᠢᠳᠠᠨ᠎ᠠ︾ ᠬᠡᠵᠦ ᠴᠣᠭᠳᠦ ᠬᠡᠯᠡᠪᠡ᠃ | | |