ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ ᠣᠬᠠᠭᠤᠯᠣᠨ ᠰᠣᠷᠳᠠᠯᠴᠢᠯᠠᠬᠤ ᠠᠵᠢᠯᠯᠠᠭ᠎ᠠ  ᠪᠠᠨ ᠦᠷᠨᠢᠬᠦᠯᠪᠡ
ᠨᠡᠶᠢᠲᠡᠯᠡᠭᠰᠡᠨ ᠴᠠᠭ᠄
2020/12/23
        ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ 2020 ᠣᠨ ᠤ 12 ᠰᠠᠷ᠎ᠠ ᠶᠢᠨ 22 ᠤ ᠡᠳᠦᠷ ᠬᠡᠷᠡᠯᠳᠦᠠᠣᠳᠦ ᠰᠣᠮᠣ ᠪᠠ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠲᠢᠩᠬᠢᠮ ᠳᠤ ᠬᠦᠷᠴᠦ ᠰᠦᠯᠵᠢᠶ᠎ᠡ ᠪᠠᠨ ᠣᠬᠠᠭᠤᠯᠣᠨ ᠳᠦᠬᠡᠮᠡᠯᠵᠢᠬᠦᠯᠬᠦ ᠠᠵᠢᠯᠯᠠᠭ᠎ᠠ ᠦᠷᠨᠢᠬᠦᠯᠪᠡ᠃
     ᠬᠡᠷᠡᠯᠳᠦᠠᠣᠳᠦ ᠰᠣᠮᠣᠨ ᠳᠤ ᠬᠦᠷᠴᠦ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠪᠠᠨ ᠣᠬᠠᠭᠤᠯᠣᠨ ᠳᠦᠬᠡᠮᠡᠯᠵᠢᠬᠦᠯᠵᠦ ᠪᠠᠶᠢᠭ᠎ᠠ ᠨᠢ        ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ 2018 ᠣᠨ ᠤ 5 ᠰᠠᠷ᠎ᠠ 25   ᠤ ᠡᠳᠦᠷ ᠵᠢᠩᠬᠢᠨᠢ ᠪᠠᠷ ᠣᠯᠠᠨ ᠲᠠᠢ ᠵᠣᠯᠭᠠᠭᠰᠠᠨ ᠶᠤᠮ᠃ ᠮᠠᠨ ᠤ ᠰᠦᠯᠵᠢᠶ᠎ᠡ ᠨᠢ ᠭᠤᠣᠯᠳᠠᠭᠤ ᠡᠷᠢᠶᠡᠨ ᠬᠤᠳᠠ ᠶᠢᠨ ᠳᠣᠶᠢᠮᠦ ᠪᠠᠶᠢᠳᠠᠯ᠂ ᠰᠣᠨᠢᠨ ᠮᠡᠳᠡᠭᠡ᠂ ᠢᠯᠡ ᠵᠠᠰᠠᠭ᠂ ᠮᠠᠯᠴᠢᠳ ᠤᠨ ᠬᠠᠨᠢ᠂ ᠰᠣᠶᠣᠯ ᠡᠷᠳᠡᠨᠢ᠂ ᠦᠢᠯᠡᠴᠢᠯᠡᠭᠡ᠂ ᠬᠢᠯᠢ ᠶᠢᠨ ᠪᠠᠶᠢᠳᠠᠯ ᠵᠡᠷᠭᠡ 7 ᠪᠣᠯᠣᠩ   ᠢᠶᠠᠷ ᠦᠷᠭᠡᠨ ᠣᠯᠠᠨ ᠲᠦᠮᠡᠨ ᠳᠤ ᠵᠠᠰᠠᠭ ᠤᠨ ᠦᠢᠯᠡᠴᠢᠯᠡᠭᠡ ᠬᠠᠩᠭᠠᠵᠦ᠂ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠵᠦ  ᠂ ᠡᠷᠬᠢᠯᠡᠨ ᠰᠢᠨᠡᠳᠬᠡᠵᠦ ᠪᠠᠶᠢᠭ᠎ᠠ ᠶᠤᠮ᠃        ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ ᠮᠣᠩᠭᠤᠯ ᠳᠦᠮᠡᠨ ᠳᠤ  ᠪᠠᠨ ᠨᠠᠮ ᠵᠠᠰᠠᠭ ᠤᠨ ᠱᠣᠭᠤᠮ ᠴᠢᠭᠯᠡᠯᠳᠠ ᠲᠦᠷᠦ ᠶᠢᠨ ᠪᠣᠳᠣᠯᠭ᠎ᠠ ᠶᠢ ᠴᠠᠭ ᠳᠣᠬᠠᠢ ᠳᠤ ᠨᠢ ᠳᠠᠮᠵᠢᠭᠤᠯᠵᠦ᠂ ᠬᠠᠣᠯᠢ ᠴᠠᠭᠠᠵᠠ ᠶᠢᠨ ᠮᠡᠳᠡᠯᠭᠡ ᠶᠢ ᠳᠦᠬᠡᠮᠡᠯᠵᠢᠬᠦᠯᠦᠨ᠂ ᠵᠠᠰᠠᠭ ᠤᠨ ᠣᠷᠳᠣᠨ ᠤ ᠦᠢᠯᠡᠴᠢᠯᠡᠭᠡ ᠶᠢ ᠬᠠᠩᠭᠠᠬᠤ ᠠᠴᠠ ᠭᠠᠳᠠᠨ᠎ᠠ᠂  ᠬᠢᠯᠢ ᠶᠢᠨ ᠪᠠᠶᠢᠳᠠᠯ ᠤᠨ ᠳᠣᠬᠠᠢ ᠰᠣᠨᠢᠨ ᠮᠡᠳᠡᠭᠡ ᠵᠢᠷᠤᠭ ᠰᠡᠬᠦᠳᠡᠷ ᠪᠠ ᠰᠢᠯᠦᠭ ᠵᠣᠬᠢᠶᠠᠯ ᠨᠠᠶᠢᠳᠡᠯᠡᠬᠦ ᠣᠳᠬ᠎ᠠ ᠵᠣᠬᠢᠶᠠᠯ  ᠤᠨ ᠪᠣᠯᠣᠩ ᠲᠠᠢ ᠶᠤᠮ᠃
    ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ  ᠲᠢᠩᠬᠢᠮ ᠳᠤ ᠬᠦᠷᠴᠦ ᠣᠬᠠᠭᠤᠯᠣᠨ ᠰᠣᠷᠳᠠᠯᠴᠢᠯᠠᠵᠦ ᠪᠠᠶᠢᠭ᠎ᠠ ᠨᠢ         ᠲᠠ ᠪᠦᠬᠦᠨ ᠮᠠᠨ ᠤ ᠮᠣᠩᠭᠤᠯ ᠰᠦᠯᠵᠢᠶ᠎ᠡ ᠶᠢ ᠳᠡᠮᠵᠢᠬᠦ ᠶᠢᠨ ᠬᠠᠮᠳᠦ ᠢᠯᠡᠬᠦᠬᠡᠨ ᠡᠷᠬᠢᠮ ᠨᠠᠨᠳᠢᠨ ᠰᠠᠨᠠᠯ ᠳᠣᠷᠠᠳᠣᠯᠭ᠎ᠠ ᠪᠠᠨ ᠳᠡᠪᠰᠢᠬᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ  ᠃ ᠬᠠᠷᠢᠯᠴᠠᠬᠤ ᠬᠠᠶ᠋ᠢᠭ᠄ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ  ᠠᠯᠪᠠᠨ ᠬᠡᠷ ᠤᠨ ᠣᠷᠴᠢᠭᠤᠯᠭ᠎ᠠ  ᠶᠢᠨ ᠰᠠᠯᠠᠭ᠎ᠠ ᠬᠠᠷᠢᠯᠴᠠᠬᠤ ᠬᠦᠮᠦᠨ᠄ ᠭᠠᠩᠳᠣᠯᠭ᠎ᠠ ᠬᠠᠷᠢᠯᠴᠠᠬᠤ ᠣᠳᠠᠰᠦ᠄ 0479 —7523664
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号