︽ᠮᠢᠨᠦ 2020︾ ᠰᠠᠯᠬᠢ ᠪᠣᠷᠣᠭᠠᠨ ᠲᠠᠢ ᠪᠢᠳᠡ ᠬᠠᠮᠲᠤ ᠶᠠᠪᠤᠵᠤ ᠥᠩᠭᠡᠷᠡᠵᠡᠶ︕
ᠨᠡᠶᠢᠲᠡᠯᠡᠭᠰᠡᠨ ᠴᠠᠭ᠄
2020/12/28
             ︽ᠮᠢᠨᠦ 2020︾ ᠡᠬᠢᠯᠡᠯᠲᠡ ᠶᠢᠨ ᠦᠭᠡ       ᠰᠠᠯᠬᠢ ᠪᠣᠷᠣᠭᠠᠨ ᠢ ᠰᠥᠷᠴᠦ᠂ ᠲᠦᠢᠯ ᠤᠨ ᠶᠡᠷᠦ ᠪᠤᠰᠤ ᠶᠢᠨ 2020 ᠣᠨ ᠢ ᠬᠠᠮᠲᠤ ᠳᠠᠭᠠᠨ ᠳᠤᠭᠤᠯᠪᠠ᠃ ᠡᠨᠡ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠡᠯ᠎ᠡ ᠹᠷᠣᠨᠲ ᠠᠴᠠ ᠠᠮᠵᠢᠯᠲᠠ ᠣᠯᠵᠤ᠂ ᠡᠯ᠎ᠡ ᠠᠵᠢᠯ ᠤᠨ ᠬᠠᠷᠠᠯᠲᠠ ᠪᠠᠨ ᠪᠡᠶᠡᠯᠡᠭᠦᠯᠪᠡ ᠃ ᠡᠨᠡ ᠨᠢᠭᠡ ᠵᠢᠯ ᠳᠤ᠂ ᠭᠡᠷᠡᠯ ᠰᠠᠴᠤᠷᠠᠩᠭᠤᠢ ᠡᠳᠦᠷ ᠬᠤᠨᠤᠭ ᠪᠤᠢ᠂ ᠰᠠᠯᠬᠢ ᠪᠣᠷᠣᠭᠠᠨ ᠰᠢᠷᠦᠭᠦᠨ ᠪᠣᠷᠣᠭᠠᠨ ᠲᠠᠢ ᠴᠠᠭ ᠴᠤ ᠪᠤᠢ᠂ ᠭᠡᠪᠡᠴᠦ ᠲᠤᠩᠭᠠᠯᠠᠭ ᠪᠠᠶᠢᠭᠰᠠᠨ ᠴᠤ᠂ ᠪᠦᠷᠬᠦᠭ ᠪᠠᠶᠢᠭᠰᠠᠨ ᠴᠤ᠂ ᠪᠢᠳᠡ ᠶᠡᠷᠦ ᠠᠴᠠ ᠬᠤᠶᠢᠷᠭᠤᠰᠢᠵᠤ᠂ ᠶᠡᠷᠦ ᠠᠴᠠ ᠬᠤᠶᠢᠰᠢ ᠤᠬᠤᠷᠢᠭᠰᠠᠨ ᠦᠭᠡᠢ᠃ ᠡᠨᠡ ᠨᠢᠭᠡ ᠵᠢᠯ ᠳᠤ᠂ ᠪᠢᠳᠡ ᠬᠦᠴᠦ ᠪᠠᠨ ᠲᠥᠪᠯᠡᠷᠡᠭᠦᠯᠦᠨ ᠬᠥᠭᠵᠢᠭᠦᠯᠵᠦ᠂ ᠬᠠᠨᠴᠤᠶ ᠰᠢᠮᠠᠯᠠᠨ ᠴᠢᠷᠮᠠᠶᠢᠨ ᠠᠵᠢᠯᠯᠠᠵᠤ᠂ ᠬᠥᠮᠦᠰ ᠢ ᠳᠣᠭᠳᠣᠯᠤᠭᠤᠯᠤᠮ᠎ᠠ ︽ᠡᠷᠢᠶᠡᠨ ᠬᠤᠲᠠ ᠶᠢᠨ ᠥᠯᠢᠭᠡᠷ︾ ᠢ ᠵᠠᠯᠭᠠᠭ᠎ᠠ ᠪᠠᠷ ᠦᠯᠡᠳᠡᠭᠡᠪᠡ᠃       ᠡᠨᠡ ᠨᠢᠭᠡ ᠵᠢᠯ ᠢ ᠡᠷᠭᠢᠴᠡᠭᠦᠯᠪᠡᠯ᠂ ᠲᠠᠯ᠎ᠠ ᠨᠤᠲᠤᠭ ᠪᠠ ᠬᠡᠭᠡᠷ᠎ᠡ ᠲᠠᠯ᠎ᠠ ᠳᠤ ᠰᠢᠷᠭᠠᠭᠤ ᠬᠥᠳᠡᠯᠮᠦᠷᠢᠯᠡᠵᠦ ᠪᠠᠶᠢᠭ᠎ᠠ ᠮᠠᠯᠴᠢᠨ ᠲᠠᠷᠢᠶᠠᠴᠢᠨ ᠭᠡᠰᠡᠨ ᠦᠭᠡᠢ᠂ ᠬᠢᠯᠢ ᠶᠢᠨ ᠪᠣᠭᠤᠮᠲᠠ ᠶᠢᠨ ᠠᠷᠠᠯᠵᠢᠶᠠᠨ ᠤ ᠹᠷᠣᠨᠲ ᠲᠤ ᠶᠠᠭᠠᠷᠠᠵᠤ ᠪᠠᠶᠢᠭ᠎ᠠ ᠬᠤᠳᠠᠯᠳᠤᠭᠠᠴᠢᠨ ᠭᠡᠰᠡᠨ ᠦᠭᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠨᠠᠮ ᠤᠨ ᠭᠡᠰᠢᠭᠦᠨ ᠺᠠᠳ᠋ᠷ ᠭᠡᠰᠡᠨ ᠦᠭᠡᠢ᠂ ᠬᠢᠵᠢᠭ ᠲᠠᠢ ᠲᠡᠮᠡᠴᠡᠬᠦ ᠲᠠᠶᠢᠨ ᠤ ᠲᠠᠯᠠᠪᠤᠷ ᠲᠤ ᠪᠠᠲᠤ ᠰᠠᠬᠢᠵᠤ ᠪᠠᠶᠢᠭ᠎ᠠ ᠰᠡᠷᠭᠡᠶᠢᠯᠡᠨ ᠡᠵᠡᠮᠳᠡᠬᠦ ᠠᠵᠢᠯᠳᠠᠨ ᠭᠡᠰᠡᠨ ᠦᠭᠡᠢ᠂ ︽ᠪᠠᠭ᠎ᠠ ᠬᠠᠷᠠᠯᠲᠠ︾ ᠶᠢ ᠡᠪᠦᠷᠯᠡᠨ ᠦᠢᠯᠡᠰ ᠪᠤᠰᠬᠠᠭᠴᠢ ᠭᠡᠰᠡᠨ ᠦᠭᠡᠢ᠂ ᠡᠳᠦᠷ ᠰᠥᠨᠢ ᠦᠭᠡᠢ ᠠᠮᠢᠳᠤᠷᠠᠯ ᠤᠨ ᠲᠥᠯᠥᠭᠡ ᠵᠢᠳᠬᠦᠵᠦ ᠪᠠᠶᠢᠭ᠎ᠠ ᠴᠠᠯᠢᠩ ᠣᠯᠤᠭᠰᠠᠳ ᠭᠡᠰᠡᠨ ᠦᠭᠡᠢ ᠬᠥᠮᠦᠨ ᠪᠣᠯᠭᠠᠨ ᠴᠥᠮ ᠳᠤᠮᠳᠠᠳᠤ ᠤᠯᠤᠰ ᠤᠨ ᠤᠮᠠᠷᠠᠲᠤ ᠶᠢᠨ ᠲᠡᠷᠢᠭᠦᠨ ᠵᠡᠷᠭᠡ ᠶᠢᠨ ᠬᠢᠯᠢ ᠶᠢᠨ ᠪᠣᠭᠤᠮᠲᠠ ᠶᠢᠨ ᠬᠤᠳᠠ ᠶᠢ ᠪᠦᠳᠦᠭᠡᠨ ᠪᠠᠶᠢᠭᠤᠯᠬᠤ ᠳᠤ ᠳᠤᠲᠠᠭᠳᠠᠵᠤ ᠪᠣᠯᠤᠰᠢ ᠦᠭᠡᠢ ᠭᠤᠣᠯ ᠲᠦᠷᠢ ᠪᠣᠯᠤᠨ᠎ᠠ᠃       2020 ᠣᠨ ᠢᠶᠠᠨ ᠡᠷᠭᠢᠴᠡᠭᠦᠯᠬᠦᠶ᠎ᠡ᠂ ᠰᠡᠳᠬᠢᠯ ᠤᠨ ᠳᠠᠪᠠᠯᠭᠠᠨ ᠨᠠᠮᠳᠠᠬᠤᠶ᠎ᠠ ᠪᠡᠷᠬᠡ᠂ ᠲᠠ ᠪᠢᠳᠡᠨ ᠤ ᠰᠡᠳᠬᠢᠯ ᠢ ᠳᠣᠭᠳᠣᠯᠤᠭᠤᠯᠤᠨ᠎ᠠ᠃ ᠥᠨᠥᠳᠦᠷ ᠠᠴᠠ ᠡᠬᠢᠯᠡᠨ᠂ ︽ᠠᠮᠢᠵᠢᠷᠠᠯ ᠤᠨ ᠬᠦᠴᠦᠨ ᠡᠷᠢᠶᠡᠨ︾  ᠸᠢᠴᠠᠲ ᠤᠨ ᠤᠯᠠᠨ ᠨᠡᠶᠢᠲᠡ ᠶᠢᠨ ᠳ᠋ᠤᠭᠠᠷ ︽ᠮᠢᠨᠦ 2020︾ ᠲᠤᠰᠬᠠᠢ ᠪᠤᠯᠤᠩ ᠨᠡᠭᠡᠭᠡᠵᠦ᠂ ᠠᠵᠤ ᠠᠬᠤᠢ ᠨᠡᠩ ᠬᠥᠭᠵᠢᠭᠰᠡᠨ᠂ ᠨᠡᠶᠢᠭᠡᠮ ᠨᠡᠩ ᠲᠣᠭᠲᠠᠭᠤᠨ ᠪᠣᠯᠤᠭᠰᠠᠨ᠂ ᠬᠤᠳᠠ ᠨᠡᠩ ᠦᠵᠡᠰᠬᠦᠯᠡᠩᠲᠦ ᠰᠠᠶᠢᠬᠠᠨ ᠪᠣᠯᠤᠭᠰᠠᠨ᠂ ᠰᠣᠶᠣᠯ ᠨᠡᠩ ᠴᠡᠴᠡᠭᠯᠡᠨ ᠬᠥᠭᠵᠢᠭᠰᠡᠨ᠂ ᠠᠷᠠᠳ ᠲᠦᠮᠡᠨ ᠨᠡᠩ ᠵᠣᠯ ᠵᠢᠷᠭᠠᠯ ᠲᠠᠢ ᠪᠣᠯᠤᠭᠰᠠᠨ ᠵᠡᠷᠭᠡ ᠬᠠᠷᠠᠭᠠᠰᠤ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠢᠵᠢᠭ ᠲᠠᠢ ᠲᠡᠮᠡᠴᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠣᠭᠤᠮᠲᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠲᠡᠮᠡᠴᠡᠯ ᠤᠨ ᠦᠯᠢᠭᠡᠷ᠂ ᠵᠣᠯ ᠵᠢᠷᠭᠠᠯᠲᠤ ᠠᠮᠢᠳᠤᠷᠠᠯ ᠢ ᠶᠠᠷᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠢᠲᠡᠭᠡᠯ ᠵᠣᠷᠢᠭ ᠢ ᠤᠯᠠᠮ ᠴᠢᠨᠠᠭᠰᠢᠳᠠ ᠨᠢᠭᠲᠠᠷᠠᠭᠤᠯᠵᠤ ᠂ ᠨᠢᠭᠡ ᠰᠡᠳᠬᠢᠯ ᠨᠢᠭᠡ ᠵᠣᠷᠢᠭ ᠢᠶᠠᠷ ᠠᠭᠤᠤ ᠦᠢᠯᠡᠰ ᠢ ᠴᠣᠭᠴᠠᠯᠠᠬᠤ ᠬᠦᠴᠦᠷᠬᠡᠭ ᠶᠡᠭᠡ ᠬᠦᠴᠦᠨ ᠴᠢᠳᠠᠯ ᠢ ᠤᠯᠠᠮ ᠴᠢᠨᠠᠭᠰᠢᠳᠠ ᠨᠢᠭᠲᠠᠷᠠᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号