ᠡᠷᠢᠶᠡᠨ ᠬᠤᠲᠠ ᠪᠥᠬᠦ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠤᠨ ᠴᠣᠯᠠ ᠶᠢ ᠳᠣᠯᠣᠳᠤᠭᠠᠷ ᠤᠳᠠᠭ᠎ᠠ ᠭᠥᠷᠳᠡᠪᠡ
ᠨᠡᠶᠢᠲᠡᠯᠡᠭᠰᠡᠨ ᠴᠠᠭ᠄
2020/12/28
      12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠶᠡᠭᠡ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠮᠠᠨ ᠤ ᠬᠤᠲᠠ ᠵᠠᠰᠠᠭ ᠵᠠᠬᠢᠷᠭᠠᠨ ᠤ ᠲᠥᠪ ᠤᠨ ᠸᠢᠳᠢᠣ᠋ ᠬᠤᠷᠠᠯ ᠤᠨ ᠬᠡᠷ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠪᠥᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠦᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠭᠥᠯᠢᠶᠡᠨ ᠠᠪᠴᠤ ᠰᠣᠨᠣᠰᠪᠠ᠃
    ᠮᠠᠨ ᠤ ᠬᠤᠲᠠ ᠳᠠᠬᠢᠨᠲᠠ ︽ᠪᠦᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠢ ᠬᠦᠷᠲᠡᠪᠡ᠃ ᠡᠨᠡ ᠪᠣᠯ ᠮᠠᠨ ᠤ ᠬᠤᠲᠠ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠤᠭᠰᠠᠨ ᠠᠴᠠ ᠨᠠᠰᠢ᠂ ᠳᠣᠯᠣᠳᠤᠭᠠᠷ ᠤᠳᠠᠭ᠎ᠠ ᠪᠥᠬᠦ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠢ ᠭᠥᠷᠳᠡᠪᠡ᠃       ᠣᠶᠢᠷ᠎ᠠ ᠶᠢᠨ ᠵᠢᠯ ᠳᠤ᠂ ᠮᠠᠨ ᠤ ᠬᠤᠲᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠢᠮᠠᠭᠲᠠ ᠪᠠᠷᠢᠮᠲᠠᠯᠠᠨ᠂ ᠪᠦᠬᠦ ᠤᠯᠤᠰ᠂ ᠪᠦᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠠᠮ ᠵᠠᠰᠠᠭ ᠲᠦᠷᠦᠭᠦᠯᠡᠨ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠨ ᠬᠥᠳᠡᠯᠦᠯᠴᠡᠵᠦ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠷᠠᠭᠠᠯᠵᠠᠨ ᠲᠥᠪᠬᠢᠨᠡᠭᠦᠯᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠨᠠᠶᠢᠳᠠᠪᠣᠷᠢᠵᠢᠭᠤᠯᠵᠦ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠨᠠᠩ ᠡᠶ᠎ᠡ ᠨᠠᠶᠢᠷᠳᠠᠢ ᠪᠣᠯᠵᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠴᠤ ᠢᠯᠡᠳᠲᠡ ᠦᠷ᠎ᠡ ᠪᠦᠲᠦᠮᠵᠢ ᠣᠯᠵᠤ᠂ ᠪᠦᠬᠦ ᠬᠤᠲᠠ ᠶᠢᠨ ᠠᠵᠤ ᠠᠬᠤᠢ  ᠨᠠᠶᠢᠬᠡᠮ ᠤᠨ ᠬᠥᠭᠵᠢᠯᠲᠡ ᠪᠠ ᠴᠡᠷᠢᠭ ᠠᠩᠭᠢ ᠶᠢᠨ ᠪᠦᠲᠦᠭᠡᠨ ᠪᠠᠢᠭᠤᠯᠤᠯᠲᠠ ᠳᠤ ᠬᠦᠴᠦᠲᠡᠢ ᠳᠡᠮᠵᠢᠯᠭᠡ ᠪᠠ ᠪᠠᠲᠤᠯᠠᠭ᠎ᠠ ᠬᠠᠩᠭᠠᠪᠠ᠃       ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠮᠥᠸᠧ ᠬᠤᠩ ᠵᠢᠶᠦ᠋ᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠷᠦᠬᠡ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ᠂ ᠬᠤᠶᠠᠷ ᠢ ᠬᠦᠷᠢᠶᠡᠯᠡᠬᠦ ᠠᠯᠪᠠᠨ ᠬᠡᠷ ᠤᠨ ᠡᠷᠬᠢᠯᠡᠭᠴᠢ ᠰᠦᠨ ᠴᠠᠩ ᠯᠢᠨ ᠡᠷᠢᠶᠡᠨ ᠬᠤᠲᠠ ᠶᠢ ᠲᠥᠯᠥᠭᠡᠯᠡᠨ ᠬᠥᠬᠡᠬᠤᠲᠠ ᠶᠢᠨ ᠭᠤᠤᠯ ᠬᠤᠷᠠᠯ ᠤᠨ ᠲᠠᠯᠠᠪᠠᠶ ᠳᠤ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号