ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠤᠬᠠᠭᠤᠯᠤᠨ ᠲᠠᠶᠢᠯᠪᠤᠷᠢᠯᠠᠯᠲᠠ ᠡᠷᠳᠡᠨᠢᠭᠤᠪᠢ ᠭᠠᠴᠠᠭᠠᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2020/12/4
      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠬᠤ ᠶᠢᠨ ᠳᠣᠯᠠᠳᠠ᠂ 12 ᠰᠠᠷ᠎ᠠ ᠶᠢᠨ 2 ᠤᠨ ᠡᠳᠦᠷ᠂ ᠬᠡᠷᠡᠯᠳᠦᠠᠣᠳᠦ ᠰᠤᠮᠤᠨ ᠤ ᠡᠷᠳᠡᠨᠢᠭᠤᠪᠢ ᠭᠠᠴᠠᠭ᠎ᠠ ᠰᠢᠨ᠎ᠡ ᠴᠠᠭ ᠦᠶ᠎ᠡ ᠶᠢᠨ ᠪᠣᠯᠪᠠᠰᠣᠨ ᠤ ᠦᠢᠯᠡᠳᠦᠯᠭᠡ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠵᠣᠬᠢᠶᠠᠨ ᠪᠠᠶᠢᠭᠤᠯᠵᠤ ᠦᠷᠨᠢᠬᠦᠯᠪᠡ᠃
            ᠤᠬᠠᠭᠤᠯᠤᠨ ᠲᠠᠶᠢᠯᠪᠤᠷᠢᠯᠠᠬᠤ ᠠᠬᠤᠢ ᠲᠠᠯᠠᠪᠠᠢ       ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠡᠷᠳᠡᠨᠢᠭᠤᠪᠢ ᠭᠠᠴᠠᠭᠠᠨ ᠤ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ  ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠳᠣᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠣᠵᠦ ᠪᠠᠶᠢᠭ᠎ᠠ ᠨᠢᠭᠡ ᠤᠳᠠᠭᠠᠨ ᠤ ᠪᠥᠬᠦ ᠲᠠᠯ᠎ᠠ ᠶᠢᠨ ᠴᠢᠨᠠᠷᠲᠠᠶ᠂ ᠲᠡᠤᠬᠡᠲᠦ ᠴᠢᠨᠠᠷᠲᠠᠶ ᠴᠢᠬᠤᠯᠠ ᠬᠤᠷᠠᠯ ᠮᠥᠨ ᠭᠡᠳᠡᠭ ᠢ ᠳᠠᠨᠢᠭᠤᠯᠪᠠ᠃ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠪᠡ ᠪᠣᠯᠤᠨ 2035 ᠣᠨ  ᠳᠤ ᠠᠯᠤᠰ ᠤᠨ ᠬᠠᠷᠠᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠵᠦ᠂ ᠳᠤᠮᠳᠠᠳᠤ ᠤᠯᠤᠰ ᠤᠨ ᠢᠷᠡᠭᠡᠳᠦᠶ ᠶᠢᠨ ᠬᠥᠭᠵᠢᠯᠲᠡ ᠳᠤ ᠠᠤᠭ᠎ᠠ ᠵᠢᠷᠤᠭ ᠲᠥᠰᠦᠪ ᠢ ᠵᠢᠷᠤᠭᠯᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠬᠦᠷᠭᠡ ᠮᠥᠨ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠠᠪᠣᠳᠣᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃
  ᠭᠠᠴᠠᠭᠠᠨ ᠤ ᠭᠡᠰᠢᠭᠦᠳ ᠨᠠᠮ ᠤᠨ ᠭᠡᠰᠢᠭᠦᠳ ᠢ ᠳᠠᠭᠠᠭᠤᠯᠤᠨ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠵᠣ ᠪᠠᠶᠢᠭ᠎ᠠ
   ᠶᠠᠳᠠᠭᠤ ᠶᠢ ᠲᠡᠳᠬᠦᠬᠦ ᠠᠯᠪᠠᠨ ᠭᠡᠷ ᠤᠨ ᠬᠥᠮᠦᠰ ᠶᠠᠳᠠᠭᠤ ᠠᠴᠠ ᠠᠩᠭᠢᠵᠢᠷᠠᠭᠤᠯᠬᠤ ᠭᠠᠷ ᠳᠡᠪᠲᠡᠷ ᠢ ᠬᠤᠪᠢᠶᠠᠨ ᠳᠠᠷᠬᠠᠭᠠᠵᠣ ᠪᠠᠶᠢᠭ᠎ᠠ       ᠲᠤᠬᠠᠶ ᠶᠢᠨ ᠲᠠᠯᠠᠪᠠᠢ ᠶᠢᠨ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠠᠵᠢᠯᠲᠠᠳ ︽ᠶᠠᠳᠠᠭᠤ ᠶᠢ ᠳᠡᠳᠬᠦᠬᠦ ᠳᠤ ᠡᠷᠬᠡᠪᠰᠢ ᠣᠶᠤᠨ ᠤᠬᠠᠭᠠᠨ ᠢ ᠲᠡᠳᠬᠦᠬᠦ ᠬᠡᠷᠡᠭᠲᠡᠶ᠂ ᠶᠠᠳᠠᠭᠤ ᠶᠢ ᠵᠠᠰᠠᠬᠤ ᠳᠤ ᠤᠷᠢᠳᠠᠪᠠᠷ ᠮᠤᠩᠬᠠᠭ ᠪᠠᠯᠠᠶ ᠶᠢ ᠵᠠᠰᠠᠬᠤ︾ ᠰᠡᠳᠦᠪ ᠢᠶᠠᠷ ᠭᠠᠴᠠᠭᠠᠨ ᠤ ᠨᠠᠮ ᠤᠨ ᠬᠡᠰᠢᠬᠦᠳ ᠲᠤ ᠶᠡᠷᠦᠩᠬᠡᠶ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2018 ᠣᠨ ᠤ 6 ᠰᠠᠷ᠎ᠠ ᠪᠣᠯᠲᠠᠯᠠᠬᠢ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠣᠪᠤᠶᠢᠮ᠎ᠠ ᠪᠠᠶᠢᠷᠢᠨ ᠳᠤ ᠳᠠᠯᠪᠢᠭᠰᠠᠨ ᠲᠡᠤᠬᠡᠨ ᠦᠨᠳᠦᠷᠴᠡ ᠳᠤ ᠳᠤᠷᠠᠳᠤᠭᠰᠠᠨ ᠠᠯᠢ ᠣᠯᠠᠨ ᠰᠢᠨ᠎ᠡ ᠰᠢᠢᠳᠪᠣᠷᠢᠳᠦ ᠪᠣᠳᠣᠯᠭ᠎ᠠ ᠰᠢᠨ᠎ᠡ ᠪᠠᠶᠢᠷᠢᠯᠠᠭᠤᠯᠣᠯᠳᠠ ᠵᠢᠴᠢ ᠶᠠᠷᠢᠶ᠎ᠠ᠂ ᠮᠡᠳᠡᠭᠦᠯᠦᠯᠲᠡ᠂ ᠶᠠᠷᠢᠶ᠎ᠠ ᠢᠯᠡᠳᠬᠡᠯ᠂ ᠵᠢᠭᠠᠪᠤᠷᠢ᠂ ᠴᠣᠬᠤᠯᠠᠪᠤᠷᠢ ᠵᠡᠷᠭᠡ  ᠶᠢ ᠬᠤᠪᠢᠶᠠᠯᠴᠠᠵᠤ᠂ ᠭᠠᠴᠠᠭᠠᠨ ᠤ ᠨᠠᠮ ᠤᠨ ᠭᠡᠰᠢᠭᠦᠳ ᠤᠨ ᠮᠠᠯᠴᠢᠳ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠬᠤ ᠶᠢ  ᠰᠠᠨᠠᠭᠠᠴᠢᠯᠠᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号