ᠤᠷᠴᠢᠭᠤᠯᠤᠭᠴᠢ᠄ ᠤᠷᠢᠬᠠᠨ | | ᠤᠳᠤᠷᠢᠳᠤᠮᠵᠢ᠄ 11ᠰᠠᠷ᠎ᠠ ᠶᠢᠨ30 ᠤ ᠡᠳᠤᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠬᠤᠳᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ | ᠪᠠᠭ ᠤᠨ ᠦᠨᠳᠦᠰᠦᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠯᠦ ᠪᠤᠣ ᠳ᠋ᠦᠡᠭ ᠵᠢᠴᠢ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ | ᠪᠤᠰᠤᠳ ᠭᠡᠰᠢᠭᠦᠳ ᠬᠤᠷᠠᠯ ᠳᠤ ᠤᠷᠤᠯᠴᠠᠵᠠᠢ᠃ ᠬᠤᠳᠠ ᠶᠢᠨ ᠠᠷᠠᠳ ᠤᠨ ᠲᠦᠯᠦᠭᠡᠯᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ᠂ ᠬᠤᠳᠠ ᠶᠢᠨ ᠤᠯᠤᠰ ᠲᠥᠷᠦ ᠶᠢᠨ ᠵᠦᠪᠯᠡᠯᠭᠡᠨ ᠤ | ᠲᠡᠷᠢᠭᠦᠯᠡᠭᠴᠢ ᠴᠢᠶᠤᠤ ᠸᠧᠢ ᠬᠦᠸᠧ ᠬᠤᠷᠠᠯ ᠳᠤ ᠰᠤᠯᠠ ᠤᠷᠤᠯᠴᠠᠵᠠᠢ᠃ ᠠᠶᠢᠮᠠᠭ ᠤᠨ ᠨᠠᠮ ᠤᠨ ᠬᠤᠷᠢᠶᠠᠨ ᠤ | ᠳᠦᠷᠪᠡᠳᠦᠭᠡᠷ ᠲᠤᠭᠤᠷᠢᠨ ᠵᠢᠯᠤᠭᠤᠳᠬᠤ ᠲᠤᠭᠤᠶᠢᠯᠠᠩ ᠤᠨ ᠳᠠᠷᠤᠭ᠎ᠠ᠂ ᠠᠶᠢᠮᠠᠭ ᠤᠨ ᠰᠠᠬᠢᠯᠭ᠎ᠠ ᠪᠠᠲᠦ | ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠤᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠦᠪᠯᠡᠯ ᠳᠤ ᠰᠠᠭᠤᠭ᠎ᠠ ᠰᠠᠬᠢᠯᠭ᠎ᠠ ᠪᠠᠲᠦ ᠪᠠᠶᠢᠴᠠᠭᠠᠬᠤ ᠲᠤᠭᠤᠶᠢᠯᠠᠩ ᠤᠨ ᠳᠠᠷᠤᠭ᠎ᠠ ᠵᠠᠩ ᠱᠤ᠋ ᠴᠢᠨ ᠬᠤᠷᠠᠯ ᠳᠤ | ᠤᠷᠤᠯᠴᠠᠨ ᠵᠢᠯᠤᠭᠤᠳᠤᠨ ᠦᠨᠡᠯᠡᠯᠲᠡ ᠬᠢᠵᠠᠢ᠃ | ᠲᠠᠶᠢᠯᠤᠮᠵᠢ᠄ ᠬᠤᠷᠠᠯ ᠳᠤ᠂ ᠯᠢᠦ ᡁᠢ ᠫᠢᠩ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ | ᠪᠠᠭ ᠢ ᠲᠦᠯᠦᠭᠡᠯᠡᠨ ᠬᠠᠷᠢᠴᠠᠭᠤᠯᠤᠨ ᠪᠠᠶᠢᠴᠠᠭᠠᠯᠲᠠ ᠬᠢᠵᠦ᠂ ᠬᠤᠪᠢ ᠪᠡᠶ᠎ᠡ ᠶᠢᠨ ᠪᠠᠶᠢᠴᠠᠭᠠᠯᠲᠠ ᠵᠠᠳᠠᠯᠤᠯᠲᠠ ᠶᠢ | ᠳᠠᠭᠠᠭᠤᠯᠤᠨ ᠬᠢᠵᠠᠢ᠃ ᠳᠠᠷᠠᠭ᠎ᠠ ᠨᠢ᠂ ᠯᠦ ᠪᠤᠣ ᠳ᠋ᠦᠡᠭ ᠪᠤᠯᠤᠨ ᠪᠤᠰᠤᠳ ᠪᠠᠶᠢᠩᠭᠤ ᠶᠢᠨ ᠬᠤᠷᠢᠶᠠᠨ ᠤ | ᠭᠡᠰᠢᠭᠦᠳ ᠬᠤᠪᠢ ᠪᠡᠶ᠎ᠡ ᠶᠢᠨ ᠬᠠᠷᠢᠴᠠᠭᠤᠯᠤᠨ ᠪᠠᠶᠢᠴᠠᠭᠠᠯᠲᠠ ᠬᠢᠬᠦ ᠶᠢᠨ ᠬᠠᠮᠳᠦ ᠪᠠᠭ ᠤᠨ ᠪᠤᠰᠤᠳ ᠨᠦᠭᠦᠳ ᠤᠨ | ᠰᠢᠭᠦᠮᠵᠢᠯᠡᠯ ᠢ ᠬᠦᠯᠢᠶᠡᠯ᠎ᠡ᠃ ᠤᠯᠠᠨ ᠢᠶᠠᠷ ᠢᠶᠠᠨ ᠶᠠᠷᠢᠶᠠᠨ ᠳᠤ ᠪᠠᠨ ᠰᠢᠭᠤᠳ ᠶᠠᠷᠢᠬᠤ᠂ ᠭᠤᠣᠯ ᠰᠡᠳᠦᠪ ᠲᠤ | ᠴᠢᠭᠯᠡᠵᠦ᠂ ᠦᠪᠡᠷ ᠤᠨ ᠡᠭᠦᠷᠬᠡ ᠬᠠᠷᠢᠭᠤᠴᠠᠯᠭ᠎ᠠ᠂ ᠠᠵᠢᠯ ᠤᠨ ᠲᠠᠯ᠎ᠠ ᠪᠠᠷ ᠰᠢᠭᠦᠮᠵᠢᠯᠡᠯ ᠪᠠ ᠦᠪᠡᠷ ᠤᠨ | ᠰᠢᠭᠦᠮᠵᠢᠯᠡᠯ ᠬᠢᠵᠦ ᠂ ᠬᠠᠮᠳᠦ ᠶᠢᠨ ᠲᠠᠨᠢᠯᠲᠠ ᠶᠢ ᠨᠢᠠᠠᠲᠠᠷᠠᠭᠤᠯᠵᠦ᠂ ᠬᠠᠮᠳᠤᠪᠠᠷ ᠳᠠᠪᠰᠢᠬᠤ ᠬᠠᠷᠠᠯᠲᠠ ᠳᠤ | ᠬᠦᠷᠴᠠᠢ ᠃ | ᠯᠢᠦ ᡁᠢ ᠫᠢᠩ ᠴᠢᠩᠭᠠᠳᠬᠠᠬᠤ ᠳᠤ ᠪᠠᠨ᠂ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ | ᠬᠢᠨᠲ᠋ᠤᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠲᠤᠬᠢᠶᠠᠯ ᠪᠣᠯᠭᠠᠵᠦ᠂ | ᠤᠯᠤᠰ ᠲᠥᠷᠥ ᠶᠢᠨ ᠵᠤᠭᠰᠤᠴᠨ ᠪᠠᠨ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠦᠨᠳᠦᠰᠦᠲᠡᠨ ᠤ | ᠠᠵᠢᠯ ᠢ ᠰᠠᠶᠢᠨ ᠬᠢᠬᠦ ᠪᠣᠳᠠᠲᠠᠢ ᠠᠵᠢᠯᠯᠠᠭ᠎ᠠ ᠳᠤᠮᠳᠠ ᠨᠠᠶᠢᠳᠠᠪᠤᠷᠢᠵᠢᠭᠤᠯᠵᠤ᠂ ᠠᠯᠬᠤᠮ ᠪᠦᠷᠢ ᠶᠢᠨ ᠠᠵᠢᠯ ᠤᠨ | ᠦᠷ ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ | ᠴᠢᠩᠭᠠᠳᠬᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠤᠨᠤᠪᠴᠢᠲᠠᠢ | ᠭᠦᠨᠵᠡᠭᠡᠶ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠢ ᠤᠷᠲᠦ ᠬᠤᠭᠤᠴᠠᠭ᠎ᠠ ᠠᠳᠬᠤᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠠᠶᠢᠨ ᠬᠢᠬᠦ ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ ᠠ ᠪᠠᠷ ᠳᠡᠭᠡᠭᠰᠢᠯᠡᠭᠦᠯᠬᠦ ᠬᠡᠷᠡᠭᠲᠡᠢ᠃ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠦ᠂ ᠪᠠᠶᠢᠴᠠᠭᠠᠨ ᠭᠠᠷᠭᠠᠭᠰᠠᠨ | ᠠᠰᠠᠭᠤᠳᠠᠯ ᠢ ᠪᠦᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠦ᠂ ᠪᠦᠳᠦᠮᠵᠢᠲᠠᠢ ᠠᠷᠭ᠎ᠠ ᠠᠪᠴᠦ᠂ | ᠦᠨᠳᠦᠰᠦᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠷᠢᠶᠡᠨ | ᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠦᠨᠳᠦᠰᠦᠲᠡᠨ ᠤ ᠠᠵᠢᠯ ᠢ ᠰᠠᠶᠢᠨ ᠬᠢᠬᠦ ᠤᠯᠤᠰ | ᠲᠥᠷᠥ ᠶᠢᠨ ᠣᠪᠣᠷ ᠢ ᠢᠯᠡᠷᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠠᠯᠪᠢᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ | ᠺᠠᠳ᠋ᠷ ᠤᠨ ᠤᠯᠤᠰ ᠲᠥᠷᠥ ᠴᠢᠩᠭ᠎ᠠ᠂ ᠤᠪᠣᠷ ᠰᠤᠷᠲᠠᠯ ᠴᠢᠩᠭ᠎ᠠ᠂ ᠠᠵᠢᠯ ᠤᠨ ᠰᠤᠷᠲᠠᠯ ᠢ ᠬᠤᠪᠢᠷᠠᠭᠤᠯᠬᠤ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠠᠨ ᠤ ᠠᠵᠢᠯ ᠢ ᠰᠠᠶᠢᠨ ᠬᠢᠬᠦ ᠳᠤ ᠬᠦᠴᠦᠨ ᠨᠡᠮᠡᠷᠢᠯᠡᠬᠦ | ᠬᠡᠷᠡᠭᠲᠡᠢ ᠭᠡᠯᠡ᠃ | ᠵᠠᠩ ᠱᠤ᠋ ᠴᠢᠨ ᠦᠨᠡᠯᠡᠯᠲᠡ ᠥᠭᠴᠦ ᠵᠢᠭᠠᠬᠤ ᠳᠤ ᠪᠠᠨ᠂ ᠲᠤᠰ ᠤᠳᠠᠭᠠᠨ ᠤ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠭᠡᠯ ᠭᠦᠢᠴᠡᠳ᠂ ᠬᠤᠷᠠᠯ ᠤᠨ ᠰᠤᠷᠲᠠᠯ ᠪᠣᠳᠠᠲᠠᠶ ᠶᠢ | ᠡᠷᠬᠢᠮᠯᠡᠵᠦ᠂ ᠠᠰᠠᠭᠤᠳᠠᠯ ᠢ ᠭᠦᠨᠵᠡᠭᠡᠶ ᠪᠠᠶᠢᠴᠠᠭᠠᠨ ᠂ ᠰᠢᠯᠲᠠᠭᠠᠨ ᠢ ᠨᠢᠮᠪᠠᠢ ᠵᠠᠳᠠᠯᠤᠨ᠂ ᠠᠰᠠᠭᠤᠳᠠᠯ ᠳᠤ ᠰᠢᠭᠤᠳ | ᠬᠠᠨᠳᠤᠵᠤ᠂ ᠪᠣᠳᠠᠲᠤ ᠪᠠᠶᠢᠳᠠᠯ ᠲᠠᠢ ᠪᠠᠨᠨᠢᠭᠲᠠ ᠤᠶᠠᠯᠳᠤᠭᠤᠯᠵᠠᠶ᠃ ᠡᠷᠢᠶᠡᠨ ᠬᠤᠲᠠ ᠶᠢᠨ ᠨᠠᠮ ᠤᠨ ᠬᠤᠷᠢᠶᠠᠨ ᠤ | ᠤᠳᠤᠷᠢᠳᠬᠤ ᠪᠠᠭ ᠤᠨ ᠭᠡᠰᠢᠭᠦᠳ ᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠴᠢᠩᠭ᠎ᠠ ᠬᠢᠨᠠᠮᠠᠭᠠᠶ ᠪᠠᠶᠢᠵᠤ᠂ | ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠶ ᠶᠢ ᠡᠷᠬᠢᠮᠯᠡᠵᠦ᠂ ᠬᠠᠷᠢᠯᠴᠠᠨ | ᠰᠠᠨᠠᠭᠤᠯᠬᠤ᠂ ᠬᠠᠷᠢᠯᠴᠠᠨ ᠬᠠᠪᠰᠤᠷᠬᠤ᠂ ᠬᠠᠷᠢᠯᠴᠠᠨ ᠱᠠᠭᠠᠷᠳᠠᠬᠤ ᠦᠢᠯᠡᠳᠦᠯ ᠭᠠᠷᠭᠠᠵᠤ᠂ ᠤᠷᠢᠳᠴᠢᠯᠠᠨ | ᠲᠥᠯᠦᠪᠯᠡᠭᠰᠡᠨ ᠦᠷ᠎ᠡ ᠪᠦᠲᠦᠮᠵᠢ ᠳᠤ ᠬᠦᠷᠴᠠᠢ᠃ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ | ᠪᠠᠭ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠣᠨᠣᠯ ᠤᠨ ᠰᠤᠷᠤᠯᠴᠠᠯᠭ᠎ᠠ ᠶᠢ ᠤᠬᠠᠮᠰᠠᠷ ᠠᠴᠠ ᠪᠠᠨ ᠴᠢᠩᠭᠠᠳᠬᠠᠵᠦ᠂ ᠲᠥᠪ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠢᠮᠪᠠᠢ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠡᠯ᠎ᠡ ᠲᠦᠷᠦᠯ ᠤᠨ ᠠᠵᠢᠯ ᠢ ᠪᠠᠲᠤᠲᠠᠶ ᠠᠬᠢᠭᠤᠯᠵᠤ᠂ | ᠪᠠᠶᠢᠴᠠᠭᠠᠨ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠢ ᠨᠠᠷᠢᠨ ᠰᠤᠳᠤᠯᠤᠨ᠂ ᠴᠡᠭᠴᠡᠯᠡᠨ ᠰᠠᠶᠢᠵᠢᠷᠠᠭᠤᠯᠵᠦ᠂ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠡᠩ ᠰᠠᠶᠢᠨ ᠬᠢᠬᠦ ᠶᠢ ᠬᠦᠰᠡᠶ᠎ᠡ ᠭᠡᠯᠡ᠃ | ᠠᠭᠤᠯᠠ᠂ ᠴᠢᠶᠤᠤ ᠸᠧᠢ ᠬᠦᠸᠧ ᠠᠴᠠ ᠬᠤᠷᠠᠯ ᠳᠤ ᠦᠨᠡᠯᠡᠯᠲᠡ ᠬᠢᠵᠠᠢ᠃ ᠬᠤᠷᠠᠯ ᠳᠤ᠂ ᠬᠤᠳᠠ | ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠦᠨᠳᠦᠰᠦᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠳᠤᠷᠠᠳᠤᠭᠰᠠᠨ ᠰᠠᠨᠠᠯ ᠰᠠᠨᠠᠭᠤᠯᠭ᠎ᠠ | ᠬᠤᠷᠢᠶᠠᠭᠰᠠᠨ ᠪᠠᠶᠢᠳᠠᠯ ᠵᠢᠴᠢ ᠬᠤᠷᠠᠯ ᠠᠴᠠ ᠡᠮᠦᠨᠡᠬᠢ ᠪᠡᠯᠡᠳᠭᠡᠯ ᠠᠵᠢᠯ ᠢ ᠨᠠᠶᠢᠳᠠᠯᠡᠵᠡᠢ᠃ | | |