12 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠯᠢᠦ ᡁᠢ ᠫᠢᠩ ᠬᠤᠳᠠ ᠶᠢᠨ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ︵ | ᠦᠷᠬᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠦ᠂ ᠥᠪᠡᠷᠲᠡᠭᠡᠨ ᠵᠠᠰᠠᠬᠤ ᠣᠷᠣᠨ ᠤ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠸᠠᠩ ᠯᠢ ᠬᠤᠸᠠ ᠫᠷᠤᠹᠧᠰᠰᠤᠷ ᠢ ᠣᠷᠢᠵᠦ᠂ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢᠨ ᠲᠤᠬᠠᠶ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ | ᠬᠤᠲᠠ ᠶᠢᠨ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠰᠢᠭᠤᠳ | ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠠ ᠮᠠᠨ ᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠯᠢᠦ ᡁᠢ ᠫᠢᠩ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ | ᠪᠣᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠳᠡᠭᠡᠷ᠎ᠡ ᠦᠨᠡᠨᠬᠦ ᠨᠢᠭᠡᠳᠬᠡᠵᠦ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠲᠤᠷ | ᠠᠳᠬᠤᠵᠤ᠂ ᠭᠦᠨᠵᠡᠭᠡᠶ ᠦᠷᠨᠢᠬᠦᠯᠵᠦ᠂ ᠪᠦᠬᠦ ᠲᠠᠯ᠎ᠠ ᠶᠢ ᠬᠠᠮᠣᠷᠠᠨ᠂ ᠪᠣᠳᠠᠲᠤ ᠦᠷ᠎ᠡ ᠪᠦᠲᠦᠮᠵᠢ ᠣᠯᠬᠤ ᠶᠢ | ᠪᠠᠳᠣᠯᠠᠬᠤ ᠬᠡᠷᠡᠭᠳᠠᠢ ᠬᠡᠪᠡ᠃ | ᠯᠢᠦ ᡁᠢ ᠫᠢᠩ᠂ ᠣᠶᠢᠯᠠᠭᠠᠯᠴᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ | ᠰᠠᠯᠠᠭ᠎ᠠ ᠮᠥᠴᠢᠷ ᠤᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠣᠨᠣᠯ ᠢᠶᠠᠨ ᠵᠡᠪᠰᠡᠭᠯᠡᠬᠦ ᠶᠢᠨ ᠭᠤᠣᠯᠳᠠᠯᠭ᠎ᠠ | ᠪᠣᠯᠭᠠᠵᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ᠂ ᠰᠣᠯᠢᠯᠴᠠᠬᠤ ᠪᠠ ᠲᠤᠰᠬᠠᠶ ᠰᠡᠳᠦᠪᠲᠦ | ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠰᠢᠨ᠎ᠡ | ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ᠂ ᠰᠢᠨ᠎ᠡ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠵᠦ | ᠂ ᠲᠠᠷᠢᠬᠢ ᠲᠣᠯᠣᠭᠠᠶ ᠪᠠᠨ ᠵᠡᠪᠰᠡᠯᠡᠨ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠲᠦᠯᠬᠢᠨ | ᠠᠬᠢᠭᠤᠯᠤᠨ᠎ᠠ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠ ︽ᠰᠢ ᠶᠢᠨ ᠫᠢᠩ ᠲᠥᠷᠥ ᠶᠢ | ᠵᠠᠰᠠᠵᠤ ᠵᠠᠰᠠᠭ ᠢ ᠡᠷᠬᠢᠯᠡᠬᠦ ᠲᠤᠬᠠᠶ ᠶᠠᠷᠢᠭᠰᠠᠨ ᠨᠢ︾ ᠨᠢᠭᠡ ᠬᠤᠶᠠᠷ ᠭᠤᠷᠪᠠᠨ ᠪᠣᠳᠢ ᠶᠢ ᠰᠣᠷᠣᠯᠴᠠᠵᠦ᠂ ᠶᠡᠷᠦᠩᠬᠡᠶ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠥᠪᠥᠷ ᠮᠣᠩᠭᠤᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠰᠣᠷᠣᠯᠴᠠᠬᠤ ᠲᠠᠢ ᠤᠶᠠᠯᠳᠤᠭᠤᠯᠤᠨ᠂ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ ᠳᠦᠷᠢᠮ ᠢ ᠲᠡᠭᠦᠯᠳᠡᠷᠵᠢᠭᠦᠯᠵᠦ᠂ | ᠲᠥᠪᠯᠡᠷᠡᠭᠦᠯᠦᠨ ᠰᠤᠷᠤᠯᠴᠠᠬᠤ ᠶᠢ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ | ᠬᠥᠲᠥᠯᠥᠨ ᠵᠢᠯᠣᠭᠤᠳᠴᠤ ᠪᠠᠶᠢᠭᠠᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠳᠣᠣᠱᠯᠠᠭᠤᠯᠣᠨᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ | ᠯᠢᠦ ᡁᠢ ᠫᠢᠩ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠬᠡᠷᠡᠭᠳᠠᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠣᠯᠠᠨ ᠨᠠᠮ ᠤᠨ ᠬᠡᠰᠢᠬᠦᠨ ᠺᠠᠳ᠋ᠷᠴᠤᠳ ᠪᠥᠬᠦᠳᠡ ᠬᠤᠷᠠᠯ ᠠᠴᠠ ᠭᠠᠷᠭᠠᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ | ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠣᠨᠴᠠᠯᠢᠭ ᠢ | ᠦᠨᠡᠨᠬᠦ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠦᠨᠵᠡᠬᠡᠢ ᠳᠣᠣᠱᠯᠠᠭᠤᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ | ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠳᠠᠰᠣᠷᠠᠯᠳᠠ ᠦᠭᠡᠢ ᠴᠢᠩᠭᠠᠳᠬᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠠᠶᠢᠭᠤᠯᠬᠤ ᠠᠭᠤᠤ ᠶᠡᠭᠡ ᠦᠢᠯᠡᠳᠦᠯᠭᠡ ᠳᠤ ᠢᠳᠡᠪᠬᠢᠲᠡᠶ ᠣᠷᠣᠯᠴᠠᠵᠦ᠂ ᠶᠠᠰᠤ | ᠴᠢᠨᠠᠷ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠦᠷᠬᠦᠯᠵᠢᠯᠡᠨ | ᠠᠬᠢᠭᠤᠯᠣᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠵᠢᠯ ᠢ ᠳᠡᠬᠦᠰ ᠠᠮᠵᠢᠯᠳᠠ ᠲᠠᠢ | ᠰᠡᠬᠦᠯ ᠬᠤᠷᠢᠶᠠᠬᠤ ᠶᠢ ᠬᠦᠴᠦᠯᠡᠨ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ | ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ | ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠦᠨ᠎ᠡ᠃ ᠨᠠᠮ ᠤᠨ ᠲᠥᠪ | ᠬᠤᠷᠢᠶᠠᠨ ᠤ ᠲᠣᠭᠲᠠᠭᠠᠭᠰᠠᠨ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠪᠠ ᠠᠵᠢᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ | ᠬᠤᠯᠪᠣᠭᠳᠠᠭᠰᠠᠨ ᠠᠰᠠᠭᠤᠳᠠᠯ ᠳᠡᠭᠡᠷ᠎ᠡ᠂ ᠡᠷᠡᠰ ᠪᠠᠲᠤ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ | ᠨᠢᠭᠡᠳᠦᠯᠲᠡᠶ ᠪᠠᠶᠢᠬᠤ᠂ ᠨᠠᠮ ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠲᠠᠢ ᠨᠢᠭᠡᠳᠦᠯᠲᠡᠶ | ᠪᠠᠶᠢᠬᠤ᠂ ᠨᠠᠮ ᠤᠨ ᠲᠦᠪ ᠬᠤᠷᠢᠶᠠᠨ ᠤ ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠦᠯᠲᠡᠶ ᠪᠠᠶᠢᠬᠤ | ᠬᠡᠷᠡᠭᠲᠡᠶ᠃ ︽ᠬᠤᠶᠠᠷ ᠢ ᠬᠠᠮᠠᠭᠠᠯᠠᠬᠤ︾ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠡᠯ᠎ᠡ | ᠲᠠᠯ᠎ᠠ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠦᠭᠵᠢᠯᠳᠠ ᠶᠢᠨ ᠵᠢᠯᠣᠭᠤᠳᠬᠤ | ᠴᠢᠭᠯᠡᠯᠲᠡ ᠶᠢ ᠪᠠᠲᠤ ᠡᠵᠡᠮᠰᠢᠵᠦ᠂ ᠮᠠᠨ ᠤ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠰᠠᠨᠠᠭᠤᠯᠭ᠎ᠠ ᠪᠣᠯᠤᠨ ᠬᠦᠳᠦᠯᠪᠣᠷᠢ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠣᠭᠤᠮᠳᠠ ᠳᠡᠭᠡᠷ᠎ᠡ ᠰᠠᠭᠤᠷᠢᠯᠠᠭᠤᠯᠵᠦ᠂ ᠦᠷ᠎ᠡ ᠪᠦᠲᠦᠮᠵᠢ ᠣᠯᠬᠤ ᠶᠢ ᠪᠠᠳᠣᠯᠠᠵᠦ᠂ | ᠳᠤᠮᠳᠠᠳᠤ ᠤᠯᠤᠰ ᠤᠨ ᠤᠮᠠᠷᠠᠲᠤ ᠣᠷᠣᠨ ᠤ ᠲᠡᠷᠢᠭᠦᠨ ᠵᠡᠷᠬᠡᠯᠡᠯ ᠤᠨ ᠪᠣᠭᠤᠮᠲᠠ ᠬᠤᠲᠠ ᠶᠢ ᠪᠠᠶᠢᠭᠤᠯᠬᠤ ᠶᠢᠨ | ᠲᠦᠯᠦᠭᠡ ᠴᠥᠬᠦᠷᠡᠰᠢ ᠦᠭᠡᠶ ᠳᠡᠮᠡᠴᠡᠬᠦ ᠬᠡᠷᠡᠭᠳᠠᠢ ᠬᠡᠵᠦ ᠴᠢᠩᠭᠠᠳᠬᠠᠪᠠ᠃ | ᠸᠠᠩ ᠯᠢ ᠬᠤᠸᠠ᠂ ︽ᠰᠢᠨ᠎ᠡ ᠦᠵᠡᠯ ᠰᠠᠨᠠᠭ᠎ᠠ ᠰᠢᠨ᠎ᠡ ᠬᠠᠷᠠᠯᠲᠠ ᠰᠢᠨ᠎ᠡ ᠠᠶᠠᠨ ᠢᠶᠠᠷ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠳᠣᠣᠱᠯᠠᠭᠤᠯᠬᠤ︾ ᠪᠠᠷ ᠲᠤᠰᠬᠠᠶ ᠰᠡᠳᠦᠪ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷ᠎ᠡ | ᠲᠠᠯᠪᠢᠭᠰᠠᠨ ᠴᠢᠬᠤᠯᠠ ᠶᠠᠷᠢᠶ᠎ᠠ ᠪᠣᠯᠤᠨ ᠪᠥᠬᠦᠳᠡ ᠬᠤᠷᠠᠯ ᠠᠴᠠ ᠪᠠᠲᠤᠯᠠᠭᠰᠠᠨ ᠲᠦᠯᠦᠪᠵᠢᠬᠦᠯᠭᠡ ︽ᠰᠠᠨᠠᠭᠤᠯᠭ᠎ᠠ︾ | ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠤᠮᠵᠢ ᠬᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ | ᠲᠤᠬᠠᠶ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ᠂ ᠰᠢᠨ᠎ᠡ ᠬᠥᠭᠵᠢᠯᠲᠡ ᠶᠢᠨ ᠱᠠᠲᠤ | ᠦᠶ᠎ᠡ ᠶᠢᠨ ᠲᠤᠬᠠᠶ ᠴᠢᠬᠤᠯᠠ ᠶᠡᠭᠡ ᠨᠤᠲᠠᠯᠠᠯᠲᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠤᠬᠠᠶ | ᠪᠠᠶᠢᠯᠳᠤᠬᠤ ᠪᠣᠳᠣᠯᠭ᠎ᠠ ᠶᠢᠨ ᠰᠢᠢᠳᠪᠣᠷᠢᠳᠦ ᠪᠣᠳᠣᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢᠨ ᠪᠠᠶᠢᠯᠳᠤᠬᠤ ᠪᠣᠳᠣᠯᠭ᠎ᠠ ᠶᠢᠨ ᠳᠣᠬᠢᠷᠠᠭᠤᠯᠣᠯᠳᠠ ᠪᠣᠯᠤᠨ ᠮᠠᠨ ᠤ ᠤᠯᠤᠰ ᠤᠨ ᠠᠵᠤ ᠠᠬᠤᠶ | ᠨᠡᠶᠢᠭᠡᠮ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠶᠢ | ᠭᠦᠨᠵᠡᠭᠡᠶ ᠳᠣᠳᠣᠷᠬᠠᠶᠢᠯᠠᠪᠠ᠃ |