ᠴᠠᠰᠦ ᠰᠢᠭᠤᠷᠭ᠎ᠠ ᠲᠠᠢ ᠲᠡᠮᠡᠴᠡᠨ᠂ ᠬᠢᠵᠢᠭ ᠤᠨ ᠪᠠᠶᠢᠳᠠᠯ ᠢ ᠰᠠᠷᠬᠡᠶᠢᠯᠡᠨ᠎ᠡ —— ᠲᠡᠮᠦᠷ ᠵᠠᠮ ᠤᠨ  ᠬᠦᠮᠦᠨ
ᠨᠡᠶᠢᠲᠡᠯᠡᠭᠰᠡᠨ ᠴᠠᠭ᠄
2020/12/4
  ᠡᠪᠦᠯ ᠤᠨ ᠤᠯᠠᠷᠢᠯ ᠤᠨ ᠬᠦᠷᠴᠦ ᠢᠷᠡᠬᠦ ᠶᠢ ᠲᠠᠭᠠᠯᠳᠤᠨ ᠮᠠᠨ ᠤ ᠬᠤᠲᠠ ᠳᠤ ᠵᠠᠯᠭᠠᠭ᠎ᠠ ᠪᠠᠷ ᠴᠠᠰᠤ ᠣᠷᠣᠵᠤ᠂ ᠶᠠᠭᠠᠷᠠᠤ ᠪᠠᠶᠢᠭᠰᠠᠨ ᠲᠡᠷᠭᠡᠨ ᠥᠷᠲᠡᠭᠡ ᠶᠢ ᠨᠠᠩ ᠴᠤ ︽ᠴᠠᠰᠤᠨ ᠳᠡᠭᠡᠷ᠎ᠡ ᠬᠢᠷᠠᠭᠤ ᠨᠡᠮᠡᠬᠦ︾ ᠪᠣᠯᠭᠠᠵᠠᠶ᠃ ᠴᠠᠰᠤ ᠰᠢᠭᠤᠷᠭ᠎ᠠ ᠬᠡᠳᠦᠶ ᠶᠡᠭᠡ ᠪᠠᠶᠢᠭᠰᠠᠨ ᠴᠤ ᠲᠡᠷᠭᠡᠨ ᠥᠷᠲᠡᠭᠡᠨ ᠤ ᠠᠵᠢᠯᠲᠠᠳ ᠤᠨ ᠳᠠᠶᠢᠴᠢᠨ ᠵᠣᠷᠢᠭ ᠢ ᠬᠤᠷᠢᠭᠯᠠᠵᠤ ᠳᠡᠶᠢᠯᠬᠦ ᠦᠭᠡᠶ᠂ ᠪᠦᠬᠦ ᠠᠵᠢᠯᠳᠠᠨ ᠠᠵᠢᠯ ᠤᠨ ᠪᠠᠶᠢᠷᠢ ᠳᠤ ᠪᠠᠨ ᠭᠠᠷᠴᠤ᠂ ᠨᠢᠭᠡ ᠲᠠᠯ᠎ᠠ ᠪᠠᠷ ᠣᠯᠠᠨ ᠰᠠᠯᠠᠭ᠎ᠠ ᠴᠠᠰᠤ ᠠᠷᠢᠯᠭᠠᠬᠤ ᠡᠩᠨᠡᠭᠡ ᠪᠠᠶᠢᠭᠤᠯᠵᠤ᠂ ᠬᠥᠷ ᠬᠥᠭᠵᠢᠶᠡᠨ ᠲᠠᠢ  ᠠᠵᠢᠯᠯᠠᠨ᠂ ᠨᠥᠭᠦᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠥᠬᠡᠶ  ᠴᠢᠩᠭᠠᠳᠬᠠᠪᠠ᠃
   ᠲᠡᠷᠭᠡᠨ ᠥᠷᠲᠡᠭᠡᠨ ᠤ ᠠᠵᠢᠯᠲᠠᠳ ᠥᠷᠲᠡᠭᠡᠨ ᠤ ᠲᠠᠪᠴᠠᠩ   ᠢ ᠴᠡᠪᠡᠷᠯᠡᠵᠦ ᠪᠠᠶᠢᠨ᠎ᠠ
  ᠲᠡᠷᠭᠡᠨ ᠥᠷᠲᠡᠭᠡᠨ ᠤ ᠡᠭᠦᠳᠡᠨ ᠡᠮᠦᠨ᠎ᠡ ᠭᠤᠯᠭᠤᠬᠤ ᠠᠴᠠ ᠰᠡᠷᠭᠡᠶᠢᠯᠡᠬᠦ ᠬᠡᠪᠢᠰ ᠳᠡᠪᠢᠰᠦᠨ᠎ᠡ᠃    ᠰᠤᠷᠪᠤᠯᠵᠢᠯᠠᠭᠴᠢ ᠣᠯᠵᠤ ᠦᠵᠡᠭᠰᠡᠨ ᠨᠢ᠂ ᠲᠡᠷᠭᠡᠨ ᠥᠷᠲᠡᠭᠡᠨ ᠤ ᠠᠶᠠᠨᠴᠢᠳ ᠬᠡᠳᠦ᠋ᠢᠪᠡᠷ ᠣᠯᠠᠨ ᠪᠢᠰᠢ ᠪᠣᠯᠪᠠᠴᠤ ᠠᠶᠠᠨᠴᠢᠳ ᠲᠤ  ᠦᠢᠯᠡᠴᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠬᠠᠷᠢᠨ ᠥᠴᠦᠬᠡᠨ ᠴᠦ ᠰᠤᠯᠠᠷᠠᠭᠰᠠᠨ ᠥᠬᠡᠶ᠃ ᠲᠡᠳᠡ ᠭᠤᠷᠪᠠ ᠲᠠᠪᠤ ᠶᠢᠨ ᠪᠦᠯᠬᠦᠮ ᠪᠣᠯᠵᠦ ᠡᠭᠦᠳᠡᠨ ᠡᠮᠦᠨᠡᠬᠢ ᠴᠠᠰᠤ ᠮᠥᠰᠥ  ᠪᠠᠨ ᠠᠷᠢᠯᠭᠠᠨ᠎ᠠ᠂ ᠡᠰᠡᠬᠦᠯ᠎ᠡ ᠥᠷᠲᠡᠭᠡᠨ ᠤ ᠲᠠᠪᠴᠠᠩ ᠳᠤ ᠭᠤᠯᠭᠤᠬᠤ ᠶᠢ ᠰᠡᠷᠭᠡᠶᠢᠯᠡᠬᠦ ᠡᠳ᠋ ᠰᠠᠴᠤᠨ᠎ᠠ᠂ ᠡᠰᠡᠬᠦᠯ᠎ᠡ ᠭᠠᠯᠲᠤ ᠲᠡᠷᠭᠡ ᠶᠢ  ᠬᠦᠯᠢᠶᠡᠵᠦ ᠪᠠᠶᠢᠭ᠎ᠠ ᠵᠤᠭᠠᠴᠠᠭᠰᠠᠳ ᠲᠤ ᠨᠢᠭᠡ ᠴᠣᠮᠣ ᠳᠤᠯᠠᠭᠠᠨ ᠬᠠᠯᠠᠭᠤᠨ ᠤᠰᠤ ᠬᠢᠵᠦ ᠥᠭᠭᠦᠨ᠎ᠡ᠃ ᠡᠭᠦᠳᠡᠨ ᠳᠡᠭᠡᠷᠡᠬᠢ ᠠᠵᠢᠯᠲᠠᠳ ᠥᠷᠲᠡᠭᠡᠨ ᠳᠤ ᠣᠷᠣᠬᠤ ᠠᠶᠠᠨᠴᠢᠳ ᠡᠷᠡᠭᠦᠯ ᠮᠡᠨᠳᠦ ᠶᠢᠨ ᠨᠣᠭᠤᠭᠠᠨ ᠴᠣᠬᠤᠷ ᠢ ᠨᠠᠷᠢᠨ ᠪᠠᠶᠢᠴᠠᠭᠠᠨ ᠦᠵᠡᠵᠦ᠂ ᠮᠡᠳᠡᠭᠡ ᠵᠠᠩᠭᠢ ᠶᠢᠨ ᠳᠠᠩᠰᠠᠯᠠᠯ ᠢ ᠬᠢᠨᠠᠮᠠᠭᠠᠶ ᠰᠠᠶᠢᠲᠤᠷ ᠬᠢᠵᠦ ᠂ ᠠᠶᠠᠨᠴᠢᠳ ᠲᠤ ᠠᠮᠠᠪᠴᠢ ᠵᠡᠭᠦᠬᠦ ᠶᠢ ᠰᠠᠨᠠᠭᠤᠯᠵᠦ᠂ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ ᠶᠢ  ᠬᠦᠯᠢᠶᠡᠨ᠎ᠡ᠃ ᠲᠡᠷᠭᠡ ᠬᠦᠯᠢᠶᠡᠬᠦ ᠶᠡᠭᠡ ᠲᠢᠩᠬᠢᠮ ᠳᠤ ᠡᠳᠦᠷ ᠪᠦᠷᠢ ᠲᠣᠭᠲᠠᠭᠰᠠᠨ ᠴᠠᠭ ᠲᠤ ᠪᠦᠬᠦ ᠲᠠᠯ᠎ᠠ ᠪᠠᠷ ᠠᠷᠢᠭᠤᠳᠬᠠᠵᠤ᠂ ᠠᠶᠠᠨᠴᠢᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠷᠬᠡᠪᠰᠢ ᠮᠡᠳᠡᠬᠦ ᠬᠠᠭᠤᠳᠠᠰᠤ ᠢᠯᠡᠭᠡᠨ᠎ᠡ᠃ ᠭᠠᠯᠲᠤ ᠲᠡᠷᠭᠡᠨ ᠤ ᠦᠢᠯᠡᠴᠢᠯᠡᠭᠴᠢ᠂ ᠥᠷᠲᠡᠭᠡᠨ ᠤ ᠠᠵᠢᠯᠲᠠᠳ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢ ᠬᠡᠪ ᠤᠨ ᠪᠠᠶᠢᠳᠠᠯ ᠢᠶᠠᠷ ᠬᠡᠮᠵᠢᠪᠡᠯ ᠰᠠᠶ᠋ᠢ ᠠᠵᠢᠯ ᠤᠨ ᠪᠠᠶᠢᠷᠢ ᠳᠤ ᠭᠠᠷᠴᠤ ᠪᠣᠯᠤᠨ᠎ᠠ᠃ ᠠᠶᠠᠨᠴᠢᠳ ᠪᠠᠰᠠ ᠡᠷᠬᠡᠪᠰᠢ ᠪᠡᠶ᠎ᠡ ᠶᠢᠨ ᠳᠤᠯᠠᠭᠠᠨ ᠢᠶᠠᠨ ᠴᠢᠩᠭ᠎ᠠ ᠬᠡᠮᠵᠢᠵᠦ᠂ ᠪᠡᠶ᠎ᠡ ᠶᠢᠨ ᠦᠨᠡᠮᠯᠡᠯ ᠢᠶᠠᠷ ᠪᠢᠯᠧᠲ ᠬᠤᠳᠠᠯᠳᠣᠨ ᠠᠪᠴᠤ᠂ ᠳᠠᠩᠰᠠᠯᠠᠭᠰᠠᠨ ᠮᠡᠳᠡᠭᠡ ᠵᠠᠩᠭᠢ ᠶᠢ ᠥᠩᠭᠡᠷᠡᠭᠡᠭᠰᠡᠨ ᠤ ᠳᠠᠷᠠᠭ᠎ᠠ ᠰᠠᠶ᠋ᠢ ᠲᠡᠷᠭᠡᠨ ᠳᠤ ᠰᠠᠭᠤᠵᠤ ᠪᠣᠯᠣᠨ᠎ᠠ᠃
         ᠵᠢᠭᠤᠯᠴᠢᠯᠠᠯ ᠢ ᠬᠠᠪᠰᠤᠷᠴᠤ ᠠᠴᠢᠶ᠎ᠠ ᠶᠢ ᠨᠢ ᠵᠦᠬᠡᠬᠡᠨ᠎ᠡ    ᠭᠠᠯᠲᠤ ᠲᠡᠷᠭᠡᠨ ᠥᠷᠲᠡᠭᠡᠨ ᠤ ᠬᠠᠷᠢᠭᠤᠴᠠᠯᠭᠠᠲᠠᠨ ᠰᠤᠷᠪᠤᠯᠵᠢᠯᠠᠭᠴᠢ ᠳᠤ᠄ ︽ᠣᠳᠣ ᠭᠠᠯᠲᠤ ᠲᠡᠷᠭᠡᠨ ᠥᠷᠲᠡᠭᠡ ᠡᠳᠦᠷ ᠪᠣᠯᠭᠠᠨ  ᠠᠷᠢᠭᠤᠳᠬᠠᠵᠦ᠂ ᠪᠠᠶᠢᠴᠠᠭᠠᠵᠤ ᠪᠠᠶᠢᠨ᠎ᠠ᠃ ᠭᠤᠭᠴᠤᠭ᠎ᠠ ᠨᠢᠭᠡᠪᠦᠷᠢ ᠶᠢ ᠴᠥᠮ ᠲᠤᠭᠤᠰᠢᠲᠠᠶ ᠬᠡᠷᠡᠭᠵᠢᠭᠦᠯᠵᠦ᠂ ᠨᠢᠭᠡ ᠶᠢ ᠴᠦ ᠣᠷᠬᠢᠭᠳᠠᠭᠤᠯᠤᠭᠰᠠᠨ ᠦᠭᠡᠢ᠂ ᠨᠠᠷᠢᠯᠢᠭ ᠣᠨᠣᠴᠠᠲᠠᠶ ᠪᠠᠷ ᠲᠡᠷᠭᠡᠨ ᠳᠤ ᠬᠦᠷᠦᠭᠰᠡᠨ᠂ ᠨᠠᠷᠢᠯᠢᠭ ᠣᠨᠣᠴᠠᠲᠠᠶ ᠪᠠᠷ ᠬᠥᠮᠦᠨ ᠳᠤ ᠬᠦᠷᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠬᠠᠮᠤᠭ ᠤᠨ ᠰᠢᠯᠢᠳᠡᠭ  ᠦᠢᠯᠡᠴᠢᠯᠡᠭᠡ ᠪᠠᠷ ᠠᠶᠠᠨᠴᠢᠳ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠳᠣᠯᠠᠨ᠎ᠠ︾ ᠬᠡᠪᠡ᠃
   ᠠᠶᠠᠨᠴᠢᠳ ᠲᠤ ᠪᠡᠶ᠎ᠡ ᠶᠢᠨ ᠳᠤᠯᠠᠭᠠᠨ ᠢ ᠪᠠᠶᠢᠴᠠᠭᠠᠵᠤ ᠥᠭᠭᠦᠨ᠎ᠡ
   ᠠᠶᠠᠨᠴᠢᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠬᠡᠪᠰᠢ ᠮᠡᠳᠡᠬᠦ ᠭᠠᠷ ᠬᠠᠭᠤᠳᠠᠰᠦ ᠶᠢ ᠳᠠᠷᠬᠠᠭᠠᠨ᠎ᠠ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号