ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ︽ᠡᠭᠦᠷ ᠤᠨ ᠱᠦᠵᠢ ᠨᠠᠮ ᠤᠨ ᠬᠢᠴᠢᠶᠡᠯ ᠣᠷᠣᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/7
    ᠨᠠᠮ ᠤᠨ ᠡᠭᠦᠷ ᠤᠨ ᠤᠯᠤᠰ ᠲᠥᠷᠥ ᠶᠢᠨ ᠴᠢᠳᠠᠮᠵᠢ ᠶᠢ ᠴᠢᠩᠭᠠᠳᠬᠠᠵᠤ᠂ ᠨᠠᠮ ᠤᠨ ᠡᠭᠦᠷ ᠤᠨ ᠵᠣᠬᠢᠶᠠᠨ ᠪᠠᠶᠢᠭᠤᠯᠣᠯᠳᠠ ᠶᠢᠨ ᠬᠦᠴᠦᠨ᠂ ᠨᠢᠭᠲᠠᠷᠠᠯ ᠤᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠡᠭᠦᠷ ᠤᠨ ᠪᠣᠭᠤᠮᠳᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ  ᠳᠣᠱᠠᠳᠠ᠂ 12 ᠰᠠᠷ᠎ᠠ ᠶᠢᠨ 4 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠰᠤᠷᠤᠯᠴᠠᠯᠭ᠎ᠠ ᠥᠷᠨᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠤᠨ ᠳᠣᠰᠬᠠᠢ ᠰᠡᠳᠦᠪᠲᠦ ᠲᠠᠶᠢᠯᠤᠮᠵᠢ ᠬᠢᠵᠦ᠂ ᠪᠦᠬᠦ ᠨᠠᠮ ᠤᠨ ᠭᠡᠰᠢᠭᠦᠨ ᠰᠤᠷᠤᠯᠴᠠᠯᠭ᠎ᠠ ᠳᠤ ᠣᠷᠣᠯᠴᠠᠪᠠ᠃  
      ᠲᠤᠰ ᠤᠳᠠᠭ᠎ᠠ ᠶᠢᠨ ᠰᠤᠷᠤᠯᠴᠠᠯᠭ᠎ᠠ ᠨᠢ ︽ᠨᠠᠮ ᠤᠨ ᠡᠭᠦᠷ ᠢ ᠰᠤᠮᠤᠨ ᠳᠤ ᠪᠠᠶᠢᠭᠤᠯᠬᠤ︾ ᠢᠷᠠᠭᠤ ᠠᠯᠳᠠᠷᠲᠤ ᠣᠯᠠᠮᠵᠢᠯᠠᠯ᠂ ᠨᠠᠮ ᠤᠨ ᠡᠭᠦᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ᠂ ᠨᠠᠮ ᠤᠨ ᠡᠭᠦᠷ ᠤᠨ ᠠᠵᠢᠯ ᠤᠨ ᠵᠠᠷᠴᠢᠮ ᠤᠨ ᠵᠢᠷᠤᠮᠯᠠᠯ᠂ ᠨᠠᠮ ᠤᠨ ᠡᠭᠦᠷ ᠤᠨ ᠪᠠᠶᠢᠷᠢᠰᠢᠭᠤᠯᠤᠯᠲᠠ ᠳᠠᠬᠢ ᠣᠯᠠᠮᠵᠢᠯᠠᠯᠳᠦ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ᠂ ᠨᠠᠮ ᠤᠨ ᠡᠭᠦᠷ ᠢ ᠪᠠᠶᠢᠭᠤᠯᠬᠤ ᠪᠠ ᠬᠠᠰᠤᠬᠤ ᠵᠡᠷᠭᠡ ᠠᠷᠪᠠ ᠭᠠᠷᠤᠢ ᠲᠠᠯ᠎ᠠ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠬᠡᠷᠡᠭᠵᠢᠬᠦᠯᠬᠦ︶︾ ᠢ ᠭᠦᠨᠵᠡᠭᠡᠢ ᠲᠠᠶᠢᠯᠪᠤᠷᠢᠯᠠᠪᠠ᠃ ᠨᠠᠮ ᠤᠨ ᠡᠭᠦᠷ ᠤᠨ ᠱᠦᠵᠢ  ᠂ ︽ᠳᠦᠷᠢᠮ︾ ᠢ ᠲᠣᠭᠲᠠᠭᠠᠬᠤ ᠪᠠ ᠬᠡᠷᠡᠭᠵᠢᠭᠦᠯᠬᠦ ᠪᠣᠯ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠡᠭᠦᠷ ᠤᠨ ᠪᠠᠶᠢᠭᠤᠯᠤᠯᠲᠠ ᠳᠤ ᠦᠨᠳᠦᠰᠦᠨ ᠵᠢᠷᠣᠮᠯᠠᠯ ᠬᠠᠩᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠲᠤᠬᠠᠶ᠂ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠲᠦ ᠶᠢᠨ ᠨᠥᠯᠥᠭᠡ ᠲᠠᠢ ᠶᠤᠮ ᠬᠡᠵᠦ ᠵᠢᠭᠠᠵᠦ ᠭᠠᠷᠭᠠᠪᠠ᠃    ᠨᠠᠮ ᠤᠨ ᠡᠭᠦᠷ ᠤᠨ ᠱᠦᠵᠢ᠂ ᠵᠠᠰᠠᠭ ᠤᠨ ᠣᠷᠳᠣᠨ ᠤ ᠡᠷᠬᠢᠯᠡᠭᠰᠡᠨ ᠨᠠᠮ ᠤᠨ ᠡᠭᠦᠷ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠦ᠂ ᠨᠠᠮ ᠤᠨ ᠡᠭᠦᠷ ᠤᠨ ᠠᠵᠢᠯ ᠤᠨ ᠪᠣᠳᠠᠲᠤ ᠪᠠᠶᠢᠳᠠᠯ ᠲᠠᠢ ᠬᠠᠷᠢᠴᠠᠭᠤᠯᠤᠨ᠂ ᠪᠠᠶᠢᠴᠠᠭᠠᠬᠤ ᠠᠵᠢᠯ ᠢ ᠬᠢᠭᠰᠡᠨ ᠨᠢ ᠪᠠᠷᠢᠮᠵᠢᠶ᠎ᠠ ᠡᠰᠡᠬᠦ᠂ ᠵᠢᠷᠤᠮ ᠨᠢ ᠵᠢᠷᠤᠮᠵᠢᠭᠰᠠᠨ ᠡᠰᠡᠬᠦ  ᠂ ᠨᠠᠮ ᠤᠨ ᠡᠭᠦᠷ ᠤᠨ ᠠᠵᠢᠯ ᠤᠨ ᠰᠠᠨᠠᠭᠠᠴᠢᠯᠠᠭᠠᠲᠤ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ  ᠤᠨ ᠳᠤᠲᠠᠭᠤᠳᠠᠯ ᠢᠶᠠᠨ ᠨᠥᠬᠦᠪᠥᠷᠢᠯᠡᠵᠦ᠂ ︽ᠲᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ᠤᠨ ᠪᠠᠶᠢᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ  ᠳᠡᠭᠡᠭᠰᠢᠬᠦᠯᠬᠦ ᠬᠡᠷᠡᠭᠳᠠᠢ ᠬᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号