ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠬᠤᠶᠠᠷ ︶ | | | ᠵᠠᠰᠠᠭ ᠤᠨ ᠣᠷᠳᠣᠨ ᠤ ᠠᠵᠢᠯ ᠤᠨ ᠢᠯᠡᠳᠭᠡᠯ | | ——2020 ᠣᠨ ᠤ 11 ᠰᠠᠷ᠎ᠠ ᠶᠢᠨ 17 ᠤ ᠡᠳᠦᠷ ᠡᠷᠢᠶᠡᠨ ᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠡ | | | ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ | ᠯᠦ ᠪᠣᠣ ᠳ᠋ᠦᠩ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ | ᠬᠢᠶ᠎ᠡ᠂ ᠬᠢᠨᠠᠨ ᠵᠦᠪᠯᠡᠬᠦ ᠪᠣᠯᠪᠠᠣ︕ ᠬᠤᠳᠠ ᠶᠢᠨ ᠣᠯᠣᠰ ᠳᠦᠷᠦ ᠶᠢᠨ ᠵᠦᠪᠯᠡᠯᠭᠡᠨ ᠤ ᠬᠡᠰᠢᠬᠦᠳ ᠪᠣᠯᠣᠨ ᠬᠤᠷᠠᠯ | ᠳᠤ ᠰᠣᠯᠠ ᠣᠷᠣᠯᠴᠠᠭᠰᠠᠨ ᠨᠦᠬᠦᠳ ᠰᠠᠨᠠᠯ ᠢᠶᠠᠨ ᠳᠣᠷᠠᠳᠣᠭᠠᠷᠠᠢ᠃ | ᠨᠢᠭᠡ᠂ 2019 ᠣᠨ ᠠᠴᠠ ᠨᠠᠰᠢᠬᠢ ᠭᠤᠣᠯ ᠠᠵᠢᠯ | ᠥᠩᠭᠡᠷᠡᠭᠰᠡᠨ ᠵᠢᠯ ᠢᠯᠡᠭᠦᠦ ᠶᠢᠨ ᠲᠤᠷᠰᠢ᠂ ᠬᠦᠨᠳᠦ ᠬᠡᠴᠡᠭᠦᠤ ᠪᠠᠶᠢᠳᠠᠯ ᠪᠠ ᠬᠦᠨᠳᠦ ᠨᠦᠰᠡᠷ ᠡᠭᠦᠷᠭᠡ ᠶᠢᠨ ᠡᠮᠦᠨ᠎ᠡ | ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠪᠦᠬᠦ | ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠳᠠᠪᠣᠳᠣᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠣᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠣ᠂ ᠲᠣᠭᠲᠠᠭᠤᠨ ᠪᠠᠶᠢᠯᠭᠠᠬᠤ | ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ | ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠣᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠣᠨ᠂ ᠪᠣᠭᠤᠮᠲᠠ ᠶᠢᠨ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ 2019 | ᠣᠨ ᠳᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 3.5% ᠪᠠᠷ ᠨᠡᠮᠡᠭᠳᠡᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 8.9% ᠪᠠᠷ ᠨᠡᠮᠡᠭᠳᠡᠵᠣ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠵᠢᠯ ᠤᠨ ᠡᠬᠢᠨ ᠤ ᠲᠦᠰᠦᠪ ᠤᠨ ᠢᠶᠠᠨ 109.1% ᠶᠢ ᠪᠡᠶᠡᠯᠡᠭᠦᠯᠦᠨ᠂ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 4.6% ᠪᠠᠷ ᠨᠡᠮᠡᠭᠳᠡᠪᠡ᠃ | ᠦᠨᠦ ᠵᠢᠯ ᠤᠨ ᠲᠦᠷᠦᠭᠦᠤ ᠭᠤᠷᠪᠠᠨ ᠤᠯᠠᠷᠢᠯ ᠳᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ | 1.5% ᠪᠠᠷ ᠪᠠᠭᠤᠷᠠᠨ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 28.9% ᠪᠠᠷ ᠨᠡᠮᠡᠭᠳᠡᠵᠣ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠤᠨ ᠡᠬᠢᠨ ᠤ ᠲᠦᠰᠦᠪ ᠤᠨ ᠢᠶᠠᠨ 74.5% ᠶᠢ | ᠪᠡᠶᠡᠯᠡᠭᠦᠯᠦᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ | 1% ᠪᠠᠷ ᠨᠡᠮᠡᠭᠳᠡᠪᠡ᠃ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠶ ᠠᠬᠢᠭᠤᠯᠪᠠ᠃ ᠶᠠᠳᠠᠭᠤ ᠠᠴᠠ | ᠠᠩᠬᠢᠵᠢᠷᠠᠭᠤᠯᠣᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠣᠯᠣᠯᠳᠠ ᠶᠢᠨ ᠪᠦᠬᠦ ᠲᠠᠯ᠎ᠠ ᠶᠢᠨ ᠨᠠᠷᠢᠯᠢᠭ ᠪᠠᠶᠢᠴᠠᠭᠠᠯᠳᠠ ᠥᠷᠨᠢᠭᠦᠯᠵᠦ᠂ ᠶᠠᠳᠠᠭᠤ ᠶᠢ ᠳᠡᠳᠭᠦᠬᠦ | ᠬᠦᠷᠢᠶᠡᠨ ᠳᠠᠬᠢ ᠳᠡᠭᠡᠳᠣ ᠱᠠᠳᠣᠨ ᠤ ᠰᠢᠮᠳᠠᠭᠤᠯᠣᠨ ᠪᠠᠶᠢᠴᠠᠭᠠᠯᠳᠠ ᠳᠣᠰᠬᠠᠢ ᠪᠠᠶᠢᠴᠠᠭᠠᠯᠲᠠ ᠪᠠᠷ ᠵᠢᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠣᠨ᠂ ᠳᠠᠩᠰᠠᠯᠠᠵᠣ ᠺᠠᠷᠲᠯᠠᠭᠰᠠᠨ ᠡᠷᠦᠬᠡ ᠶᠢᠨ | ᠬᠥᠮᠦᠨ ᠳᠣᠮᠳᠠᠴᠢ ᠣᠷᠣᠯᠭ᠎ᠠ 51% ᠪᠠᠷ ᠨᠡᠮᠡᠭᠳᠡᠪᠡ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ | ᠰᠠᠶᠢᠵᠢᠷᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠡᠷᠭᠡ ᠳᠡᠭᠡᠳᠣ | ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ︽ᠴᠡᠪᠡᠷᠯᠡᠨ ᠠᠷᠢᠯᠭᠠᠵᠣ︾᠂ ᠡᠮᠴᠢᠯᠡᠭᠡᠨ ᠤ ᠬᠤᠭ | ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠢᠢᠳᠪᠦᠷᠢᠯᠡᠯᠳᠡ ᠶᠢᠨ ᠨᠣᠷᠮ᠎ᠠ 100% ᠳᠤ ᠬᠦᠷᠴᠦ᠂ | ᠠᠭᠠᠷ ᠤᠨ ᠴᠡᠪᠡᠷᠴᠡ ᠶᠢᠨ ᠬᠡᠮᠵᠢᠶ᠎ᠡ ᠦᠨᠳᠣᠷ ᠪᠠᠶᠢᠬᠤ ᠡᠳᠦᠷ ᠤᠨ ᠲᠤᠭ᠎ᠠ 355 ᠡᠳᠦᠷ ᠬᠦᠷᠪᠡ᠃ ᠤᠰᠤᠨ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠲᠣᠬᠢᠷᠠᠭᠤᠯᠤᠯᠲᠠ ᠬᠢᠬᠦ ᠲᠥᠰᠦᠯ ᠢ ᠨᠠᠶᠢᠷᠠᠭᠤᠯᠤᠨ ᠳᠠᠭᠤᠰᠬᠠᠵᠣ᠂ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠬᠡᠷᠡᠴᠢᠯᠡᠨ ᠰᠢᠨᠡᠴᠢᠯᠡᠬᠦ | ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠢᠳᠪᠦᠷᠢᠯᠡᠭᠰᠡᠨ ᠤ ᠳᠠᠷᠠᠭᠠᠬᠢ ᠤᠰᠤᠨ ᠤ ᠴᠢᠨᠠᠷ | ᠢ ᠨᠢᠭᠡᠳᠦᠭᠡᠷ ᠲᠡᠰ ᠤᠨ A ᠲᠦᠷᠦᠯ ᠤᠨ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠪᠡ᠃ ᠲᠠᠯ᠎ᠠ ᠨᠤᠲᠤᠭ ᠤᠨ ᠠᠮᠢ | ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠣᠭᠲᠠᠴᠠ ᠶᠢ ᠴᠢᠩᠭ᠎ᠠ ᠨᠠᠶᠢᠳᠠᠪᠣᠷᠢᠵᠢᠭᠤᠯᠣᠨ᠂ | ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠳᠠᠯ᠎ᠠ | ᠨᠣᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠠᠶᠤᠯ ᠲᠦᠭᠰᠢᠭᠦᠷᠢ ᠶᠢᠨ | ᠳᠠᠯᠳᠠ ᠬᠡᠮ ᠢ ᠠᠮᠣᠷ ᠲᠦᠪᠰᠢᠨ ᠡᠵᠡᠮᠳᠡᠪᠡ᠃ 2019 ᠣᠨ ᠳᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ | ᠪᠦᠬᠦ ᠣᠷᠣᠨ ᠳᠤ ᠲᠡᠷᠢᠭᠦᠯᠡᠨ ᠪᠡᠶᠡᠯᠡᠭᠦᠯᠵᠣ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ | ᠠᠵᠤ ᠠᠬᠤᠶᠢᠯᠠᠯ ᠤᠨ ᠮᠠᠷᠭᠤᠭᠠᠨ ᠦᠬᠡᠢ ᠳᠠᠩᠰᠠᠨ ᠳᠠᠬᠢ ᠵᠣᠭᠤᠰ ᠢ 1.98 ᠳ᠋ᠦᠩᠰᠢᠭᠤᠷ ᠲᠦᠭᠦᠷᠢᠭ ᠲᠦᠯᠦᠪᠡ᠃ | ᠪᠤᠭᠤᠲᠤ ᠶᠢᠨ ᠬᠤᠳᠠᠯᠳᠤᠭᠠᠨ ᠤ ᠪᠠᠩᠬᠢ ᠶᠢᠨ ᠡᠷᠢᠶᠡᠨ ᠳᠠᠬᠢ ᠬᠤᠪᠢᠶᠠᠷᠢ ᠪᠠᠩᠬᠢ᠂ ᠳᠤᠮᠳᠠᠳᠤ ᠶᠢᠨ ᠠᠮᠢ | ᠨᠠᠰᠤᠨ ᠤ ᠳᠠᠭᠠᠳᠬᠠᠯ ᠤᠨ ᠢᠲᠡᠭᠡᠮᠵᠢ ᠶᠢᠨ ᠲᠦᠭᠰᠢᠭᠦᠷᠢ ᠶᠢ ᠲᠣᠬᠢᠲᠠᠶ ᠰᠢᠢᠳᠪᠦᠷᠢᠯᠡᠨ᠂ ᠮᠠᠯᠵᠢᠬᠤ ᠲᠠᠷᠢᠶᠠᠯᠠᠬᠤ | ᠣᠷᠣᠨ ᠤ ᠠᠷᠠᠳ ᠤᠨ ᠳᠣᠮᠳᠠᠬᠢ ᠵᠢᠯ ᠤᠨ ᠬᠦᠦ ᠮᠥᠩᠭᠦ ᠶᠢᠨ ᠨᠣᠷᠮ᠎ᠠ ᠨᠢ 24% ᠠᠴᠠ ᠳᠠᠪᠠᠭᠰᠠᠨ ᠦᠯᠡᠳᠡᠪᠦᠷᠢ | ᠵᠢᠭᠡᠯᠡᠯᠭᠡ ᠶᠢ ᠪᠦᠬᠦᠨ ᠢ ᠠᠷᠢᠯᠭᠠᠪᠠ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠩᠭᠤ ᠥᠷᠨᠢᠭᠦᠯᠵᠦ᠂ | ᠤᠶᠤᠨᠴᠢᠯᠠᠭᠰᠠᠨ ᠬᠠᠮᠢᠶᠠᠷᠤᠯᠲᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠲᠤᠰᠬᠠᠶ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠣ᠂ ᠠᠶᠤᠯᠭᠦᠶ ᠦᠢᠯᠡᠳᠪᠦᠷᠢᠯᠡᠯ ᠤᠨ ᠲᠦᠯᠦᠪ | ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠣᠯᠪᠠ᠃ | ᠣᠨᠴᠠᠯᠢᠭᠳᠣ ᠠᠵᠤ ᠦᠢᠯᠡᠰ ᠤᠨ ᠬᠥᠭᠵᠢᠯᠲᠡ ᠲᠣᠭᠲᠠᠭᠤᠨ ᠮᠦᠷᠳᠡᠭᠡᠨ ᠰᠠᠶᠢᠨ ᠬᠠᠨᠳᠣᠰᠢ ᠢᠯᠡᠷᠡᠪᠡ᠃ ᠤᠯᠠᠨ | ᠤᠯᠤᠰ ᠤᠨ ᠠᠷᠠᠯᠵᠢᠶ᠎ᠠ ᠪᠠ ᠪᠠᠷᠠᠭᠠᠨ ᠤ ᠭᠦᠢᠯᠭᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠪᠡ᠃ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠶᠡᠷᠦᠩᠬᠡᠶ ᠲᠤᠭ᠎ᠠ 1561 ᠬᠦᠷᠴᠦ᠂ ᠭᠠᠳᠠᠭᠠᠳᠤ ᠠᠷᠠᠯᠵᠢᠶᠠᠨ ᠤ | ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 9119 ᠲᠦᠮᠡᠨ ᠲᠥᠭᠦᠷᠢᠭ ᠬᠦᠬᠡᠬᠡᠴᠡᠯᠳᠦᠨ ᠣᠯᠪᠠ᠃ ᠵᠠᠰᠠᠮᠠᠯ | ᠵᠠᠮ ᠤᠨ ᠪᠣᠭᠤᠮᠲᠠ ᠶᠢᠨ ᠪᠠᠷᠠᠭ᠎ᠠ ᠳᠡᠭᠡᠭᠡᠪᠦᠷᠢ ᠶᠢᠨ ᠭᠠᠷᠴᠠ ᠶᠢᠨ ᠣᠶᠣᠨᠴᠢᠯᠠᠭᠰᠠᠨ ᠺᠠᠷᠲ ᠣᠩᠰᠢᠨ ᠨᠡᠪᠳᠡᠷᠡᠭᠦᠯᠬᠦ | ᠭᠠᠷᠴᠠ ᠶᠢᠨ ᠦᠭᠡᠷᠡᠴᠢᠯᠡᠯᠳᠡ ᠰᠢᠨᠡᠴᠢᠯᠡᠯᠳᠡ ᠶᠢ ᠪᠡᠶᠡᠯᠡᠭᠦᠯᠵᠦ᠂ ᠪᠠᠷᠠᠭ᠎ᠠ ᠨᠡᠪᠳᠡᠷᠡᠭᠦᠯᠬᠦ ᠲᠤᠭ᠎ᠠ ᠪᠦᠷᠢᠳᠭᠡᠯ ᠤᠨ | ᠬᠡᠷᠡᠭᠯᠡᠭᠡᠨ ᠤ ᠲᠠᠪᠴᠠᠩ ᠢ ᠡᠬᠢᠯᠡᠭᠦᠯᠦᠨ ᠬᠡᠷᠡᠭᠵᠢᠭᠦᠯᠵᠣ᠂ ᠵᠠᠰᠠᠮᠠᠯ ᠵᠠᠮ ᠳᠡᠮᠦᠷ ᠵᠠᠮ ᠤᠨ ᠬᠤᠯᠪᠣᠭᠠᠯᠠᠭᠰᠠᠨ | ᠳᠡᠭᠡᠭᠡᠪᠦᠷᠢᠯᠡᠯᠳᠡ ᠶᠢ ᠬᠡᠷᠡᠭᠵᠢᠭᠦᠯᠦᠨ᠂ ᠬᠦᠷᠦᠬᠡᠭᠦᠷᠲᠣ ᠪᠠᠷᠠᠭ᠎ᠠ ᠳᠡᠭᠡᠭᠡᠪᠦᠷᠢ ᠶᠢᠨ ᠠᠵᠤ ᠠᠬᠤᠶᠢᠯᠠᠯ ᠤᠨ | ᠪᠠᠷᠢᠮᠵᠢᠶᠠᠵᠢᠭᠰᠠᠨ ᠪᠥᠲᠥᠭᠡᠨ ᠪᠠᠶᠢᠭᠤᠯᠣᠯᠳᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠳᠡᠭᠡ | ᠵᠠᠩᠬᠢᠴᠢᠯᠠᠯᠳᠠ ᠶᠢᠨ ᠲᠠᠪᠴᠠᠩ ᠤᠨ ᠪᠥᠲᠥᠭᠡᠨ ᠪᠠᠶᠢᠭᠤᠯᠣᠯᠳᠠ ᠶᠢ ᠳᠡᠳᠭᠦᠨ ᠳᠡᠮᠵᠢᠵᠦ᠂ ᠪᠣᠭᠤᠮᠳᠠ ᠶᠢᠨ ᠪᠠᠷᠠᠭ᠎ᠠ | ᠳᠡᠭᠡᠭᠡᠪᠦᠷᠢ ᠶᠢ ᠬᠦᠯᠢᠶᠡᠨ ᠰᠢᠢᠳᠪᠦᠷᠢᠯᠡᠬᠦ ᠴᠢᠳᠠᠪᠣᠷᠢ ᠶᠢ ᠳᠡᠭᠡᠭᠰᠢᠯᠡᠭᠦᠯᠪᠡ᠃ 2019 ᠣᠨ ᠳᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1832 ᠲᠦᠮᠡᠨ ᠲᠣᠨ ᠳᠤ | ᠬᠦᠷᠴᠦ᠂ 10.6% ᠪᠠᠷ ᠨᠡᠮᠡᠭᠳᠡᠪᠡ︔ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠭᠰᠠᠨ | ᠠᠷᠠᠯᠵᠢᠶᠠᠨ ᠤ ᠦᠷᠳᠡᠭ 269 ᠳ᠋ᠦᠩᠰᠢᠭᠤᠷ ᠲᠥᠭᠦᠷᠢᠭ ᠲᠤ ᠬᠦᠷᠴᠦ᠂ 2.7% ᠪᠠᠷ ᠨᠡᠮᠡᠭᠳᠡᠪᠡ᠃ ᠳᠤᠮᠳᠠᠳᠤ | ᠧᠦ᠋ᠷᠣᠫᠠ ᠶᠢᠨ ᠴᠢᠩᠭᠡᠯᠢᠭ ᠠᠴᠢᠶᠠᠨ ᠤ ᠭᠠᠯᠲᠤ ᠲᠡᠷᠭᠡ ᠶᠢᠨ ᠬᠢᠯᠢ ᠥᠩᠭᠡᠷᠡᠬᠦ ᠱᠤᠭᠤᠮ ᠢ ᠨᠡᠮᠡᠭᠳᠡᠭᠦᠯᠦᠭᠡᠳ 42 | ᠵᠤᠷᠪᠤᠰ ᠪᠣᠯᠭᠠᠵᠣ᠂ 1552 ᠴᠤᠪᠤᠭ᠎ᠠ ᠭᠠᠯᠳᠣ ᠲᠡᠷᠭᠡ ᠶᠢ ᠰᠢᠯᠭᠠᠨ ᠨᠡᠪᠳᠡᠷᠡᠭᠦᠯᠵᠣ᠂ 44.9% ᠪᠠᠷ ᠨᠡᠮᠡᠭᠳᠡᠨ᠂ | ᠪᠥᠬᠦ ᠤᠯᠤᠰ ᠤᠨ ᠶᠡᠷᠦᠩᠬᠡᠢ ᠬᠡᠮᠵᠢᠶᠡᠨ ᠤ 18.9% ᠶᠢ ᠡᠵᠡᠯᠡᠪᠡ᠃ ᠦᠨᠦ ᠵᠢᠯ ᠤᠨ ᠲᠦᠷᠦᠭᠦᠤ ᠭᠤᠷᠪᠠᠨ | ᠤᠯᠠᠷᠢᠯ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ | 1471 ᠲᠦᠮᠡᠨ ᠲᠣᠨ ᠬᠦᠷᠴᠦ᠂ 6.3% ᠪᠠᠷ ᠨᠡᠮᠡᠭᠳᠡᠵᠦ᠂ ᠳᠤᠮᠳᠠᠳᠤ ᠧᠦ᠋ᠷᠣᠫᠠ ᠶᠢᠨ ᠴᠢᠩᠭᠡᠯᠢᠭ ᠠᠴᠢᠶᠠᠨ ᠤ | ᠭᠠᠯᠲᠤ ᠲᠡᠷᠭᠡ ᠶᠢ 1729 ᠤᠳᠠᠭ᠎ᠠ ᠰᠢᠯᠭᠠᠨ ᠨᠡᠪᠳᠡᠷᠡᠭᠦᠯᠵᠣ᠂ 62.5% ᠪᠠᠷ ᠨᠡᠮᠡᠭᠳᠡᠪᠡ᠃ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠦᠢᠯᠡᠰ ᠢ ᠲᠡᠰ ᠳᠡᠪᠰᠢᠭᠦᠯᠪᠡ᠃ ᠪᠠᠶ ᠾᠦᠢ ᠶᠤᠸᠠᠨ᠂ | ᠬᠤᠸᠠ ᠽᠧ ᠵᠡᠷᠭᠡ ᠨᠢᠭᠡ ᠪᠦᠯᠦᠭ ᠠᠭᠤᠷᠬᠠᠢ ᠶᠢᠨ ᠪᠦᠲᠦᠭᠡᠭᠳᠡᠭᠦᠨ ᠢ ᠪᠣᠯᠪᠠᠰᠤᠷᠠᠭᠤᠯᠬᠤ ᠲᠥᠷᠥᠯ ᠵᠦᠢᠯ ᠢ | ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠳ᠋ᠦᠩ ᠰᠢᠩ ᠠᠮᠣ ᠳᠣᠰᠣᠨ ᠤ ᠺᠣᠮᠫᠠᠨᠢ ᠶᠢᠨ ᠦᠢᠯᠡᠳᠪᠦᠷᠢᠯᠡᠯ ᠤᠨ | ᠴᠢᠳᠠᠪᠣᠷᠢ ᠶᠢ ᠦᠷᠭᠡᠳᠭᠡᠨ᠂ ᠶᠢᠩ ᠹᠸᠢ ᠳ᠋ᠢ ᠺᠧ ᠺᠣᠮᠫᠠᠨᠢ ᠶᠢᠨ ᠵᠢᠯ ᠳᠤ 200 ᠲᠦᠮᠡᠨ ᠠᠮᠢᠳᠤ ᠬᠤᠨᠢ | ᠭᠠᠳᠠᠭᠠᠳᠣ ᠠᠴᠠ ᠣᠷᠣᠭᠤᠯᠵᠣ ᠠᠯᠠᠵᠣ ᠨᠢᠲᠤᠯᠬᠤ ᠲᠥᠷᠥᠯ ᠵᠦᠢᠯ ᠵᠢᠩᠬᠢᠨᠢ ᠪᠠᠷ ᠠᠰᠢᠭᠯᠠᠯᠳᠠ ᠳᠤ ᠣᠷᠣᠪᠠ᠃ | ᠪᠦᠬᠦ ᠬᠤᠲᠠ ᠶᠢᠨ ᠭᠠᠳᠠᠭᠠᠳᠣ ᠠᠴᠠ ᠣᠷᠣᠭᠤᠯᠣᠭᠰᠠᠨ ᠲᠡᠮᠦᠷ ᠤᠨ ᠬᠦᠳᠡᠷ᠂ ᠮᠣᠳᠣᠨ ᠮᠠᠲ᠋ᠧᠷᠢᠶᠠᠯ᠂ ᠠᠮᠤ ᠲᠣᠰᠣ | ᠪᠣᠯᠪᠠᠰᠤᠷᠠᠭᠤᠯᠬᠤ ᠬᠦᠴᠦᠨ ᠴᠢᠳᠠᠯ ᠢ ᠲᠣᠰ ᠲᠣᠰ 1000 ᠲᠦᠮᠡᠨ ᠲᠣᠨ᠂ 80 ᠲᠦᠮᠡᠨ ᠪᠣᠰᠤᠭ᠎ᠠ | ᠳᠥᠷᠪᠡᠯᠵᠢᠨ ᠮᠧᠲᠷ᠂ 68 ᠲᠦᠮᠡᠨ ᠲᠣᠨ ᠳᠤ ᠬᠦᠷᠭᠡᠪᠡ᠃ 2019 ᠣᠨ ᠳᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠦᠨᠦ ᠵᠢᠯ ᠤᠨ | ᠲᠦᠷᠦᠭᠦᠦ ᠭᠤᠷᠪᠠᠨ ᠣᠯᠠᠷᠢᠯ ᠳᠤ 6.9 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠢᠯᠢ ᠶᠢᠨ ᠰᠣᠶᠣᠯ | ᠵᠢᠭᠤᠯᠴᠢᠯᠠᠯ ᠤᠨ ᠦᠢᠯᠡᠰ ᠤᠨ ᠠᠮᠢᠵᠢᠷᠠᠯ ᠤᠨ ᠬᠦᠴᠦᠨ ᠴᠢᠩᠭᠠᠷᠠᠪᠠ᠃ ᠵᠢᠭᠤᠯᠴᠢᠯᠠᠯ ᠤᠨ ︽ᠭᠤᠷᠪᠠᠨ ᠳᠣᠭᠤᠷᠢᠭ | ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠬᠦ ᠣᠯᠣᠰ ᠤᠨ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠤᠲᠠ ᠪᠠᠷ ᠵᠦᠪᠰᠢᠶᠡᠷᠡᠭᠳᠡᠬᠦ ᠪᠣᠯᠣᠮᠵᠢ | ᠲᠠᠢ ᠪᠣᠯᠪᠠ᠃ ᠤᠯᠤᠰ ᠤᠨ ᠡᠭᠦᠳᠡ ᠦᠵᠡᠮᠵᠢ ᠶᠢᠨ ᠣᠷᠣᠨ ᠤᠯᠤᠰ ᠤᠨ 4A ᠲᠠᠰ ᠤᠨ ᠦᠵᠡᠮᠵᠢ ᠶᠢᠨ | ᠣᠷᠣᠨ ᠢᠶᠠᠷ ᠵᠥᠪᠰᠢᠶᠡᠷᠡᠭᠳᠡᠵᠦ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠤᠯᠤᠰ ᠤᠨ | ᠡᠭᠦᠳᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠰ ᠳᠡᠪᠰᠢᠭᠦᠯᠬᠦ ᠵᠡᠷᠭᠡ ᠲᠥᠷᠥᠯ ᠵᠦᠢᠯ ᠤᠨ ᠠᠬᠢᠴᠠ | ᠤᠷᠤᠭᠰᠢᠲᠠᠶ ᠪᠠᠶᠢᠨ᠎ᠠ᠃ ᠤᠯᠠᠭᠠᠨᠮᠥ᠋ᠴᠢᠷ ᠤᠨ ᠰᠢᠨ᠎ᠡ ᠪᠠᠷ ᠡᠭᠦᠳᠦᠭᠰᠡᠨ ᠪᠦᠲᠦᠭᠡᠯ ᠨᠢ ᠤᠯᠤᠰ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠳᠠ ᠶᠢᠨ ᠲᠠᠰ ᠤᠨ ᠱᠠᠩᠨᠠᠯ ᠢ 18 ᠣᠳᠠᠭ᠎ᠠ ᠭᠥᠷᠳᠡᠪᠡ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ᠂ ᠵᠢᠷᠭᠤᠳᠤᠭᠠᠷ ᠬᠤᠭᠤᠴᠠᠭᠠᠨ ᠤ ᠴᠠᠶ ᠶᠢᠨ ᠵᠠᠮ | ᠰᠣᠶᠣᠯ ᠵᠢᠭᠤᠯᠴᠢᠯᠠᠯ ᠤᠨ ᠪᠠᠶᠠᠷ ᠵᠡᠷᠭᠡ ᠠᠵᠢᠯᠯᠠᠭ᠎ᠠ ᠶᠢ ᠵᠠᠭᠤ ᠭᠠᠷᠤᠢ ᠲᠠᠯᠠᠪᠠᠢ ᠡᠷᠬᠢᠯᠡᠨ ᠶᠠᠪᠣᠭᠳᠠᠭᠤᠯᠪᠠ᠃ ᠪᠦᠬᠦ | ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠳ ᠢ 229.3 ᠲᠦᠮᠡᠨ ᠬᠥᠮᠦᠨ ᠤᠳᠠᠭ᠎ᠠ ᠭᠥᠯᠢᠶᠡᠨ | ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 54.7 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠦᠨᠦ ᠵᠢᠯ ᠤᠨ ᠲᠦᠷᠦᠭᠦᠦ ᠭᠤᠷᠪᠠᠨ ᠣᠯᠠᠷᠢᠯ ᠳᠤ ᠣᠯᠣᠰ ᠤᠨ ᠳᠣᠳᠣᠭᠠᠳᠣ ᠭᠠᠳᠠᠭᠠᠳᠣ ᠶᠢᠨ ᠵᠢᠭᠤᠯᠴᠢᠳ ᠢ | 59.6 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 12. | 6 ᠳ᠋ᠦᠩᠰᠢᠭᠤᠷ ᠲᠥᠭᠦᠷᠢᠭ ᠢ ᠪᠡᠶᠡᠯᠡᠭᠦᠯᠪᠠ᠃ ᠴᠡᠪᠡᠷ ᠡᠨᠧᠷᠭᠢ ᠶᠢᠨ ᠰᠤᠷᠪᠤᠯᠵᠢ ᠶᠢᠨ ᠦᠢᠯᠡᠰ ᠤᠨ ᠬᠡᠪᠴᠢᠶ᠎ᠡ ᠶᠢ | ᠯᠠᠪᠳᠠᠭᠤᠨ ᠢᠶᠠᠷ ᠥᠷᠭᠡᠳᠬᠡᠪᠡ᠃ ᠳᠠᠬᠢᠨ ᠰᠡᠷᠭᠦᠭᠡᠵᠣ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ | ᠦᠵᠡᠭᠦᠯᠬᠦ ᠲᠥᠷᠥᠯ ᠵᠦᠢᠯ ᠤᠨ 110 ᠺᠢᠯᠣᠸᠠᠲ ᠤᠨ ᠴᠠᠬᠢᠯᠭᠠᠨ ᠬᠦᠴᠦᠳᠡᠯ ᠬᠤᠪᠢᠰᠬᠠᠬᠤ ᠢᠨᠵᠧᠨᠧᠷᠢᠩ ᠢ | ᠪᠠᠶᠢᠭᠤᠯᠣᠨ ᠠᠰᠢᠭᠯᠠᠯᠲᠠ ᠳᠤ ᠣᠷᠣᠭᠤᠯᠵᠣ᠂ 2 ᠲᠦᠮᠡᠨ ᠺᠢᠯᠣᠸᠠᠲ ᠤᠨ ᠬᠡᠷᠡᠯ ᠤᠨ ᠴᠠᠬᠢᠯᠭᠠᠨ᠂ 13 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠵᠤ᠂ ᠣᠯᠠᠨ ᠤᠯᠤᠰ ᠤᠨ ᠪᠣᠬᠢᠷᠲᠤᠯ ᠥᠬᠡᠶ ᠲᠣᠭᠠᠴᠢᠯᠠᠭᠰᠠᠨ ᠭᠠᠷᠠᠮ ᠤᠨ ᠲᠥᠷᠥᠯ ᠵᠦᠢᠯ ᠢ ᠡᠮᠬᠢ | ᠵᠢᠷᠤᠮ ᠲᠠᠢ ᠠᠬᠢᠭᠤᠯᠪᠠ᠃ 2019 ᠣᠨ ᠳᠤ ᠪᠥᠬᠦ ᠬᠤᠲᠠ ᠶᠢᠨ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ | ᠮᠠᠰᠢᠨ ᠤ ᠣᠭᠰᠠᠷᠠᠯᠳᠠ ᠶᠢᠨ ᠬᠡᠮᠵᠢᠶ᠎ᠡ ᠪᠠᠭᠳᠠᠭᠠᠮᠵᠢ 36 ᠲᠦᠮᠡᠨ ᠺᠢᠯᠣᠸᠠᠲ ᠲᠤ ᠬᠦᠷᠴᠦ᠂ ᠨᠠᠷᠠ ᠰᠠᠯᠬᠢᠨ ᠢᠶᠠᠷ | ᠴᠠᠬᠢᠯᠭᠠᠨ ᠭᠠᠷᠭᠠᠬᠤ ᠬᠡᠮᠵᠢᠶ᠎ᠡ 7.5 ᠳ᠋ᠦᠩᠰᠢᠭᠤᠷ ᠺᠢᠯᠣᠸᠠᠲ ᠴᠠᠭ ᠬᠦᠷᠪᠡ︔ ᠦᠨᠦ ᠵᠢᠯ ᠤᠨ ᠲᠦᠷᠦᠭᠦᠤ | ᠭᠤᠷᠪᠠᠨ ᠤᠯᠠᠷᠢᠯ ᠳᠤ ᠨᠠᠷᠠ ᠰᠠᠯᠬᠢᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 5.4 ᠳ᠋ᠦᠩᠰᠢᠭᠤᠷ ᠺᠢᠯᠣᠸᠠᠲ ᠴᠠᠭ | ᠬᠦᠷᠪᠡ᠃ | ᠬᠦᠭᠵᠢᠭᠦᠯᠦᠯᠳᠡ ᠨᠡᠭᠡᠭᠡᠯᠲᠡ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ ᠴᠢᠨᠠᠷ ᠰᠠᠶᠢᠲᠠᠶ ᠬᠥᠭᠵᠢᠯᠲᠡ ᠶᠢᠨ | ᠲᠠᠪᠴᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠳᠣᠭᠤᠷᠢᠭ ᠤᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠲᠤ | ᠵᠢᠩᠬᠢᠨᠢ ᠪᠠᠷ ᠭᠠᠷ ᠤᠨ ᠥᠰᠥᠭ ᠵᠢᠷᠤᠵᠤ᠂ ᠬᠠᠮᠲᠤ ᠶᠢᠨ ᠶᠡᠷᠦᠩᠬᠡᠶ ᠲᠥᠯᠥᠪᠵᠢᠭᠦᠯᠭᠡ᠂ ᠳᠣᠮᠳᠠᠳᠣ ᠶᠢᠨ ᠲᠠᠯ᠎ᠠ ᠶᠢᠨ | ᠠᠵᠤ ᠦᠢᠯᠡᠰ ᠤᠨ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠶ ᠨᠠᠷᠢᠯᠢᠭ ᠲᠥᠯᠥᠪᠵᠢᠭᠦᠯᠭᠡ ᠶᠢ ᠨᠠᠶᠢᠷᠠᠭᠤᠯᠤᠨ | ᠳᠠᠭᠤᠰᠪᠠ᠃ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠠᠰᠠᠷ ᠤᠨ ᠲᠥᠷᠥᠯ ᠵᠦᠢᠯ ᠢ ᠡᠬᠢᠯᠡᠨ ᠪᠦᠲᠦᠭᠡᠨ | ᠪᠠᠶᠢᠭᠤᠯᠵᠤ᠂ ᠭᠤᠣᠯᠯᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 6.9 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠣᠯᠳᠠ ᠬᠢᠪᠡ᠃ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠤᠨ | ᠶᠡᠷᠦᠩᠬᠡᠶ ᠲᠥᠯᠥᠪᠵᠢᠭᠦᠯᠭᠡ ᠣᠷᠴᠢᠨ ᠲᠣᠭᠤᠷᠢᠨ ᠤ ᠦᠨᠡᠯᠡᠯᠭᠡ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ | ᠳᠠᠭᠤᠰᠬᠠᠵᠣ᠂ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠪᠣᠰᠬᠠᠬᠤ ᠬᠦᠷᠢᠶᠡᠯᠡᠩ ᠤᠨ ᠭᠤᠤᠯ | ᠴᠣᠭᠴᠠ ᠶᠢᠨ ᠪᠠᠷᠢᠯᠭ᠎ᠠ ᠶᠢ ᠳᠠᠭᠤᠰᠬᠠᠵᠣ᠂ ᠭᠠᠶᠢᠯᠢ ᠶᠢᠨ ᠪᠠᠳᠣᠯᠠᠭᠠᠳᠣ ᠳᠣᠭᠤᠷᠢᠭ ᠤᠨ ᠲᠡᠮᠦᠷ ᠵᠠᠮ ᠤᠨ ᠲᠤᠰᠬᠠᠶ | ᠱᠤᠭᠤᠮ ᠪᠣᠯᠤᠨ ᠰᠢᠯᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠬᠢᠴᠠ ᠤᠷᠤᠭᠰᠢᠲᠠᠶ ᠪᠠᠶᠢᠨ᠎ᠠ᠃ ᠦᠪᠡᠷᠳᠡᠭᠡᠨ ᠵᠠᠰᠠᠬᠤ ᠣᠷᠣᠨ ᠤ ᠴᠣᠷ ᠤᠨ ᠭᠠᠭᠴᠠ ᠬᠢᠯᠢ ᠶᠢᠨ ᠢᠷᠭᠡᠳ ᠤᠨ | ᠬᠤᠳᠠᠯᠳᠣᠭᠠᠨ ᠤ ᠪᠠᠷᠠᠭ᠎ᠠ ᠲᠠᠸᠠᠷ ᠢ ᠭᠠᠳᠠᠭᠠᠳᠤ ᠠᠴᠠ ᠣᠷᠣᠭᠤᠯᠵᠣ ᠪᠣᠳᠠᠲᠠᠶᠢᠵᠢᠭᠤᠯᠤᠨ ᠪᠣᠯᠪᠠᠰᠣᠷᠠᠭᠤᠯᠬᠤ | ᠲᠤᠷᠰᠢᠯᠲᠠ ᠶᠢᠨ ᠴᠡᠭ ᠤᠨ ᠵᠦᠪᠰᠢᠶᠡᠷᠡᠯ ᠣᠯᠵᠣ᠂ ᠬᠢᠯᠢ ᠶᠢᠨ ᠢᠷᠭᠡᠳ ᠤᠨ ᠬᠤᠷᠰᠢᠶ᠎ᠠ ᠪᠠ ᠬᠠᠷᠢᠯᠴᠠᠨ | ᠬᠠᠪᠰᠤᠷᠤᠯᠴᠠᠬᠤ ᠳᠤᠭᠤᠶᠢᠯᠠᠩ ᠢ ᠪᠠᠶᠢᠭᠤᠯᠣᠨ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ | ᠨᠡᠪᠳᠡᠷᠡᠭᠦᠯᠬᠦ ᠭᠠᠷᠴᠠ ᠶᠢ ᠦᠭᠡᠷᠡᠴᠢᠯᠡᠨ ᠰᠢᠨᠡᠴᠢᠯᠡᠬᠦ ᠢᠨᠵᠧᠨᠧᠷᠢᠩ ᠰᠢᠯᠭᠠᠨ ᠠᠪᠬᠤ ᠨᠥᠬᠦᠴᠡᠯ ᠢ ᠪᠦᠷᠢᠯᠳᠦᠭᠦᠯᠵᠣ᠂ | ᠪᠦᠬᠦ ᠵᠢᠯ ᠳᠤ ᠬᠤᠳᠠᠯᠳᠣᠭᠠᠨ ᠤ ᠳᠣᠭᠤᠷᠢᠭ ᠲᠤ ᠣᠷᠣᠭᠰᠠᠨ ᠬᠥᠮᠦᠨ ᠤ ᠲᠤᠭ᠎ᠠ 16 ᠲᠦᠮᠡᠨ ᠬᠥᠮᠦᠨ | ᠤᠳᠠᠭ᠎ᠠ ᠳᠤ ᠬᠦᠷᠴᠦ᠂ ᠠᠷᠠᠯᠵᠢᠶᠠᠨ ᠤ ᠦᠷᠳᠡᠭ 3.45 ᠳ᠋ᠦᠩᠰᠢᠭᠤᠷ ᠲᠥᠭᠦᠷᠢᠭ ᠲᠤ ᠬᠦᠷᠪᠡ᠃ | ᠭᠠᠳᠠᠭᠠᠳᠤ ᠲᠠᠢ ᠬᠠᠮᠲᠤᠷᠠᠨ ᠠᠵᠢᠯᠯᠠᠬᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠦᠨ ᠳᠡᠭᠦᠯᠳᠡᠷᠵᠢᠭᠦᠯᠪᠡ᠃ | ᠠᠷᠪᠠᠨ ᠨᠢᠭᠡᠳᠦᠭᠡᠷ ᠬᠤᠭᠤᠴᠠᠭᠠᠨ ᠤ ︽ᠡᠷᠢᠶᠡᠨ ᠬᠤᠳᠠ ᠶᠢᠨ ᠴᠢᠭᠤᠯᠭ᠎ᠠ ᠠᠭᠤᠯᠵᠠᠯᠳᠠ︾᠂ ᠳᠤᠮᠳᠠᠳᠤ | ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠣᠭᠳᠠᠭᠰᠠᠨ 70 ᠵᠢᠯ ᠤᠨ ᠤᠢ ᠶᠢᠨ ᠠᠮᠵᠢᠯᠲᠠ ᠪᠦᠲᠦᠮᠵᠢ ᠶᠢᠨ | ᠦᠵᠡᠰᠭᠦᠯᠡᠩ ᠵᠡᠷᠭᠡ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ 20 ᠭᠠᠷᠣᠢ ᠳᠠᠯᠠᠪᠠᠢ ᠡᠷᠬᠢᠯᠡᠵᠦ᠂ ᠮᠣᠩᠭᠤᠯ | ᠣᠷᠣᠰ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠬᠠᠮᠳᠣᠷᠠᠨ ᠠᠵᠢᠯᠯᠠᠬᠤ ᠰᠠᠨᠠᠮᠵᠢ ᠪᠢᠴᠢᠭ ᠢ 20 ᠭᠠᠷᠣᠢ | ᠬᠤᠪᠢ ᠳᠣᠭᠳᠠᠭᠠᠵᠣ᠂ ᠡᠷᠢᠶᠡᠨ ᠬᠤᠳᠠ ᠶᠢᠨ ᠮᠣᠩᠭᠤᠯ ᠤᠯᠤᠰ ᠲᠠᠬᠢ ᠬᠤᠳᠠᠯᠳᠤᠭᠠᠴᠢᠳ ᠤᠨ ᠡᠪᠯᠡᠯ | ᠪᠠᠶᠢᠭᠤᠯᠬᠤ ᠶᠢ ᠳᠡᠳᠭᠦᠨ ᠳᠡᠮᠵᠢᠪᠡ᠃ ᠮᠣᠩᠭᠤᠯ ᠣᠯᠣᠰ ᠠᠴᠠ ᠬᠠᠨᠳᠢᠪᠯᠠᠭᠰᠠᠨ 3 ᠲᠦᠮᠡᠨ ᠬᠤᠨᠢ ᠶᠢ ᠬᠢᠯᠢ ᠪᠠᠷ | ᠣᠷᠣᠭᠤᠯᠬᠤ᠂ ᠠᠯᠠᠵᠣ ᠨᠢᠳᠣᠯᠬᠤ᠂ ᠰᠢᠯᠵᠢᠭᠦᠯᠦᠨ ᠳᠡᠭᠡᠭᠡᠪᠦᠷᠢᠯᠡᠬᠦ ᠵᠡᠷᠭᠡ ᠠᠵᠢᠯ ᠤᠨ ᠠᠬᠢᠴᠠ ᠣᠷᠣᠭᠰᠢᠳᠠᠢ | ᠪᠠᠶᠢᠨ᠎ᠠ᠃ ᠦᠪᠡᠷᠳᠡᠭᠡᠨ ᠵᠠᠰᠠᠬᠤ ᠣᠷᠣᠨ ᠢ ᠬᠠᠮᠵᠢᠯᠴᠠᠨ ︽ᠨᠢᠭᠡ ᠪᠦᠰᠡ ᠨᠢᠭᠡ ᠵᠠᠮ ᠤᠨ ᠬᠠᠷᠠᠭ᠎ᠠ ᠣᠷᠣᠭᠤᠯᠬᠤ | ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭ᠎ᠠ᠂ ᠮᠣᠩᠭᠤᠯ ᠣᠯᠣᠰ ᠤᠨ ᠵᠠᠮ ᠤᠨ ᠡᠭᠦᠳᠡ ᠬᠤᠲᠠ ᠳᠠᠬᠢ | ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠪᠡᠶᠡᠯᠡᠭᠦᠯᠪᠡ᠃ ᠤᠯᠤᠰ ᠠᠯᠤᠰᠯᠠᠭᠰᠠᠨ ᠴᠠᠭᠳᠠᠭᠠᠨ ᠤ ᠶᠠᠪᠤᠳᠠᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ 759 ᠨᠡᠷ᠎ᠡ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠠᠯ᠎ᠠ ᠬᠢᠭᠰᠡᠨ | ᠰᠡᠵᠢᠭᠳᠡᠨ ᠢ ᠪᠤᠴᠠᠭᠠᠨ ᠲᠤᠰᠢᠶᠠᠬᠤ ᠡᠭᠦᠷᠭᠡ ᠶᠢ ᠬᠠᠮᠵᠢᠯᠴᠠᠨ ᠪᠡᠶᠡᠯᠡᠭᠦᠯᠵᠣ᠂ ︽4.15︾ ᠣᠨᠴᠠ ᠶᠡᠭᠡ ᠬᠢᠯᠢ | ᠠᠯᠤᠰᠯᠠᠭᠰᠠᠨ ᠰᠦᠯᠵᠢᠶᠡᠨ ᠳᠠᠬᠢ ᠮᠦᠷᠦᠢ ᠲᠠᠢ ᠳᠣᠭᠯᠠᠭᠠᠮ ᠤᠨ ᠬᠡᠷᠡᠭ ᠢ ᠢᠯᠡᠴᠢᠯᠡᠨ᠂ ︽ᠤᠯᠠᠭᠠᠨ ᠮᠡᠳᠡᠭᠡᠯᠡᠯ︾ | ᠳᠠᠩᠰᠠᠨ ᠳᠤ ᠣᠷᠣᠭᠰᠠᠨ ᠶᠠᠯ᠎ᠠ ᠬᠢᠭᠰᠡᠨ ᠰᠡᠵᠢᠭᠳᠡᠨ 1 ᠬᠦᠮᠦᠨ ᠢ ᠠᠮᠵᠢᠯᠳᠠ ᠲᠠᠢ ᠰᠢᠯᠵᠢᠭᠦᠯᠦᠨ ᠳᠣᠰᠢᠶᠠᠪᠠ᠃ ︽ | ᠮᠣᠩᠭᠤᠯ ᠤᠯᠤᠰ ᠤᠨ ᠬᠦᠴᠢᠷᠳᠡᠯᠲᠡᠶ ᠢᠷᠭᠡᠳ ᠢ ᠲᠦᠷ ᠠᠪᠤᠷᠠᠨ ᠲᠤᠰᠠᠯᠠᠬᠤ ᠲᠦᠷᠢᠮ︾ ᠢ ᠨᠡᠶᠢᠳᠡᠯᠡᠨ | ᠬᠡᠷᠡᠭᠵᠢᠭᠦᠯᠵᠣ᠂ ᠭᠠᠳᠠᠭᠠᠳᠤ ᠶᠢᠨ ᠢᠷᠭᠡᠳ ᠤᠨ ᠦᠢᠯᠡᠴᠢᠯᠡᠭᠡ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ | ᠡᠭᠦᠳᠪᠡ᠃ ᠰᠠᠭᠤᠷᠢ ᠲᠥᠬᠦᠭᠡᠷᠦᠮᠵᠢ ᠶᠢ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠭᠦᠯᠬᠦ ᠶᠢ ᠪᠦᠬᠦ ᠬᠦᠴᠦᠨ ᠢᠶᠠᠷ | ᠠᠬᠢᠭᠤᠯᠪᠠ᠃ ᠵᠢᠨᠢᠩ— ᠡᠷᠢᠶᠡᠨ ᠲᠡᠮᠦᠷ ᠵᠠᠮ ᠱᠤᠭᠤᠮ ᠤᠨ ᠴᠢᠳᠠᠮᠵᠢ ᠶᠢ ᠦᠷᠭᠡᠳᠭᠡᠵᠣ ᠦᠬᠡᠷᠡᠴᠢᠯᠡᠨ | ᠰᠢᠨᠡᠴᠢᠯᠡᠬᠦ ᠶᠢ ᠢᠳᠡᠪᠬᠢᠳᠡᠢ ᠬᠦᠬᠡᠬᠡᠴᠡᠯᠳᠦᠵᠣ᠂ ᠲᠡᠮᠦᠷ ᠵᠠᠮ ᠤᠨ ᠥᠷᠲᠡᠭᠡ ᠳᠠᠯᠠᠪᠠᠢ ᠶᠢ ᠦᠷᠭᠡᠳᠭᠡᠨ ᠰᠢᠨᠡᠴᠢᠯᠡᠬᠦ | ᠲᠦᠷᠦᠯ ᠵᠦᠢᠯ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ ᠶᠢᠨ ᠴᠣᠬᠤᠯᠠᠪᠤᠷᠢ ᠶᠢ ᠣᠯᠪᠠ᠃ ᠤᠯᠤᠰ ᠤᠨ | ᠲᠡᠰ ᠤᠨ ᠵᠠᠰᠠᠮᠠᠯ ᠵᠠᠮ ᠤᠨ 331 ᠱᠤᠭᠤᠮ ᠤᠨ ᠡᠷᠢᠶᠡᠨ ᠠᠴᠠ ᠠᠶᠢᠷᠠᠭ ᠬᠡᠶᠢᠳ ᠬᠦᠷᠬᠦ ᠬᠡᠰᠡᠭ᠂ ᠡᠷᠢᠶᠡᠨ— | ᠭᠤᠸᠠᠩᠵᠸᠦ ᠴᠢᠭᠯᠡᠯ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ | ᠤᠨ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ᠃ ᠰᠠᠶᠢᠬᠤᠰᠣ ᠨᠢᠰᠬᠡᠯ ᠤᠨ ᠪᠠᠭᠤᠳᠠᠯ ᠢ ᠤᠯᠤᠰ | ᠤᠨ 2019 ᠣᠨ ᠤ ᠪᠣᠭᠤᠮᠲᠠ ᠶᠢᠨ ᠨᠡᠭᠡᠭᠡᠯᠲᠡ ᠬᠢᠬᠦ ᠰᠢᠭᠦᠨ ᠰᠢᠢᠳᠪᠦᠷᠢᠯᠡᠬᠦ ᠲᠦᠯᠦᠪᠯᠡᠭᠡ ᠳᠤ ᠵᠢᠩᠬᠢᠨᠢ ᠪᠠᠷ | ᠣᠷᠣᠭᠤᠯᠵᠤ᠂ ᠠᠶᠠᠨᠴᠢᠳ ᠤᠨ ᠳᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 23 ᠲᠦᠮᠡᠨ ᠬᠥᠮᠦᠨ ᠤᠳᠠᠭ᠎ᠠ ᠳᠤ | ᠬᠦᠷᠴᠦ᠂ ᠬᠢᠯᠢ ᠪᠠᠷ ᠣᠷᠣᠭᠤᠯᠵᠤ ᠭᠠᠷᠭᠠᠭᠰᠠᠨ ᠬᠥᠮᠦᠨ ᠤ ᠲᠤᠭ᠎ᠠ ᠠᠩᠬ᠎ᠠ ᠤᠳᠠᠭ᠎ᠠ 5 ᠲᠦᠮᠡᠨ ᠬᠥᠮᠦᠨ | ᠤᠳᠠᠭ᠎ᠠ ᠶᠢ ᠳᠠᠪᠠᠪᠠ᠃ | ᠬᠤᠲᠠ ᠬᠥᠳᠡᠭᠡ ᠶᠢᠨ ᠴᠢᠳᠠᠮᠵᠢ ᠶᠢ ᠡᠳᠦᠷ ᠢᠷᠡᠬᠦᠶ᠎ᠡ ᠳᠡᠬᠦᠯᠳᠡᠷᠵᠢᠬᠦᠯᠪᠡ᠃ ︽ᠭᠤᠷᠪᠠᠨ ᠬᠤᠳᠠ ᠨᠢᠭᠡ ᠭᠠᠷᠠᠮ︾ | ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠳᠣᠳᠠᠢ ᠥᠷᠨᠢᠭᠦᠯᠪᠡ᠃ ᠳᠥᠷᠪᠡᠨ ᠤᠳᠤᠷᠢᠳᠬᠤ ᠪᠠᠭ ᠤᠨ | ᠤᠳᠤᠷᠢᠳᠤᠯᠭ᠎ᠠ᠂ ᠬᠤᠳᠠ ᠶᠢᠨ ᠰᠢᠭᠤᠳ ᠬᠠᠷᠢᠶ᠎ᠠ᠂ ᠬᠤᠳᠠ ᠳᠤ ᠰᠠᠭᠤᠭ᠎ᠠ ᠰᠠᠯᠠᠭ᠎ᠠ ᠮᠥᠴᠢᠷ ᠠᠴᠠ ᠳᠠᠭᠠᠭᠠᠴᠢᠯᠠᠨ | ᠬᠠᠷᠢᠭᠤᠴᠠᠬᠤ ᠲᠣᠭᠲᠠᠴᠠ ᠶᠢ ᠪᠠᠶᠢᠭᠤᠯᠵᠣ᠂ ᠬᠤᠳᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢ ᠪᠦᠬᠦ ᠲᠠᠯ᠎ᠠ | ᠪᠠᠷ ᠬᠡᠷᠡᠭᠵᠢᠭᠦᠯᠦᠨ᠂ ︽ᠵᠢᠷᠭᠤᠭᠠᠨ ᠶᠡᠭᠡ ᠰᠢᠪᠳᠣᠯᠣᠯᠳᠠ︾ ︽ᠨᠠᠢᠮᠠᠨ ᠲᠦᠷᠦᠯ ᠤᠨ ᠴᠡᠭᠴᠡᠯᠡᠯᠳᠡ︾ ᠶᠢᠨ | ᠠᠵᠢᠯᠯᠠᠭ᠎ᠠ ᠶᠢ ᠪᠠᠶᠢᠩᠭᠤᠵᠢᠭᠤᠯᠣᠨ ᠦᠷᠨᠢᠭᠦᠯᠵᠣ᠂ ᠬᠤᠳᠠ ᠶᠢᠨ ᠠᠷᠠᠳ ᠤᠨ ᠪᠣᠯᠪᠠᠰᠣᠨ ᠬᠡᠪ ᠴᠢᠨᠠᠷ ᠮᠡᠳᠡᠭᠳᠡᠮ᠎ᠡ | ᠳᠡᠭᠡᠭᠰᠢᠯᠡᠨ᠂ ᠬᠤᠲᠠ ᠶᠢᠨ ᠬᠠᠮᠢᠶᠠᠷᠤᠯᠲᠠ ᠡᠮᠬᠢ ᠳᠢᠭᠯᠢᠮ ᠲᠠᠢ ᠪᠣᠯᠵᠣ᠂ ᠬᠤᠲᠠ ᠶᠢᠨ ᠲᠦᠷᠢ ᠲᠦᠷᠬᠦ ᠴᠣ ᠰᠢᠨ᠎ᠡ | ᠪᠣᠯᠵᠤ᠂ ᠪᠦᠬᠦ ᠣᠯᠣᠰ ᠤᠨ ᠪᠣᠯᠪᠠᠰᠣᠨ ᠬᠤᠳᠠ ᠶᠢ ᠡᠭᠦᠳᠦᠨ ᠪᠠᠶᠢᠭᠤᠯᠬᠤ ᠰᠠᠭᠤᠷᠢ ᠨᠡᠩ ᠪᠠᠳᠣ ᠪᠠᠬᠢ ᠪᠣᠯᠪᠠ᠃ | ᠤᠯᠤᠰ ᠤᠨ ᠡᠷᠡᠬᠦᠯ ᠬᠠᠮᠠᠭᠠᠯᠠᠯ ᠤᠨ ᠬᠤᠲᠠ ᠨᠢ ᠤᠯᠤᠰ ᠪᠠ ᠦᠪᠡᠷᠳᠡᠬᠡᠨ ᠵᠠᠰᠠᠬᠤ ᠣᠷᠣᠨ ᠤ ᠮᠡᠷᠭᠡᠵᠢᠯ ᠤᠨ | ᠦᠨᠡᠯᠡᠨ ᠵᠢᠱᠢᠯᠲᠡ ᠶᠢ ᠪᠡᠶᠡᠯᠡᠭᠦᠯᠦᠨ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ᠂ | ᠤᠯᠠᠨ ᠤᠯᠤᠰ ᠤᠨ ᠡᠷᠡᠭᠦᠯ ᠬᠠᠮᠠᠭᠠᠯᠠᠯ ᠤᠨ ᠡᠬᠡ ᠬᠠᠭᠤᠷᠠᠶ ᠶᠢᠨ ᠭᠠᠷᠠᠮ ᠢ ᠡᠭᠦᠳᠦᠨ ᠪᠠᠶᠢᠭᠤᠯᠬᠤ ᠶᠢ ᠯᠠᠪᠳᠠᠭᠤᠨ | ᠢᠶᠠᠷ ᠠᠬᠢᠭᠤᠯᠪᠠ᠃ ᠬᠤᠲᠠ ᠶᠢᠨ ᠣᠷᠣᠰᠢᠨ ᠰᠠᠭᠤᠬᠤ ᠳᠤ ᠲᠣᠬᠢᠷᠠᠬᠤ ᠬᠢᠷᠢ ᠲᠦᠪᠰᠢᠨ ᠢ ᠶᠡᠭᠡ ᠬᠦᠴᠦᠨ ᠢᠶᠠᠷ | ᠳᠡᠭᠡᠭᠰᠢᠯᠡᠭᠦᠯᠪᠡ᠃ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠡᠮᠬᠢ ᠵᠢᠷᠤᠮ ᠲᠠᠢ ᠡᠷᠡᠬᠦᠯ ᠢᠶᠠᠷ | ᠬᠦᠭᠵᠢᠭᠦᠯᠬᠦ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠲᠥᠯᠥᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭ ᠵᠥᠪᠯᠡᠬᠦ ᠠᠯᠬᠤᠮ ᠶᠠᠪᠣᠴᠠ ᠶᠢ ᠤᠯᠠᠮ ᠨᠢᠭᠡ ᠠᠯᠬᠤᠮ | ᠵᠢᠷᠣᠮᠵᠢᠭᠤᠯᠪᠠ᠃ ᠤᠯᠤᠰ ᠤᠨ ᠭᠤᠤᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠲᠡ ᠶᠢᠨ ᠲᠤᠷᠰᠢᠯᠲᠠ ᠶᠢᠨ ᠳᠣᠭᠤᠷᠢᠭ | ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ PPP ᠲᠥᠷᠥᠯ ᠵᠦᠢᠯ᠂ ᠪᠣᠬᠢᠷ ᠬᠠᠶᠠᠭᠳᠠᠮᠠᠯ ᠢ ᠬᠤᠤᠷ | ᠦᠬᠡᠶᠢᠳᠡᠭᠦᠯᠦᠨ ᠰᠢᠢᠳᠪᠣᠷᠢᠯᠡᠬᠦ᠂ ᠤᠰᠤᠨ ᠰᠤᠷᠪᠤᠯᠵᠢ ᠶᠢᠨ ᠣᠷᠣᠨ ᠠᠴᠠ ᠤᠰᠤᠨ ᠤ ᠦᠢᠯᠡᠳᠪᠦᠷᠢ ᠬᠦᠷᠬᠦ ᠤᠰᠤ | ᠳᠠᠮᠵᠢᠭᠤᠯᠬᠤ ᠬᠤᠭᠤᠯᠠᠶ ᠱᠣᠭᠤᠮ᠂ ᠬᠤᠲᠠ ᠲᠣᠭᠤᠷᠢᠭ ᠤᠨ ᠴᠠᠬᠢᠯᠭᠠᠨ ᠬᠦᠷᠭᠡᠬᠦ ᠱᠤᠭᠤᠮ ᠢ ᠦᠬᠡᠷᠡᠴᠢᠯᠡᠨ | ᠰᠢᠨᠡᠴᠢᠯᠡᠬᠦ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠪᠠ᠃ ᠡᠬᠡ ᠬᠠᠭᠤᠷᠠᠢ ᠶᠢᠨ ᠬᠦᠬᠦᠷᠭᠡ ᠴᠡᠴᠡᠷᠯᠢᠭ᠂ | ᠬᠤᠨᠳᠣ ᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠨᠦᠬᠦᠨ ᠨᠣᠭᠤᠭᠠᠷᠠᠭᠤᠯᠬᠤ ᠠᠵᠢᠯ ᠢ ᠦᠷᠬᠦᠯᠵᠢᠯᠡᠨ | ᠠᠬᠢᠭᠤᠯᠵᠤ᠂ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7% ᠳᠤ ᠬᠦᠷᠪᠡ | ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠨ ᠠᠷᠢᠭᠤᠳᠬᠠᠬᠤ ᠠᠵᠢᠯ ᠤᠨ ᠵᠠᠬ᠎ᠠ ᠳᠡᠯᠭᠡᠭᠦᠷᠴᠢᠯᠡᠯᠳᠡ | ᠶᠢᠨ ᠦᠬᠡᠷᠡᠴᠢᠯᠡᠯᠳᠡ ᠶᠢ ᠡᠬᠢᠯᠡᠭᠦᠯᠦᠨ ᠬᠡᠷᠡᠭᠵᠢᠭᠦᠯᠵᠣ᠂ ᠬᠤᠲᠠ ᠬᠥᠳᠡᠭᠡ ᠶᠢᠨ ᠣᠷᠴᠢᠨ ᠳᠣᠭᠤᠷᠢᠨ ᠤ ᠡᠷᠡᠭᠦᠯ | ᠬᠠᠮᠠᠭᠠᠯᠠᠯ ᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠣᠷᠣᠰᠢᠨ ᠰᠠᠭᠤᠬᠤ ᠣᠷᠴᠢᠨ ᠮᠡᠳᠡᠭᠳᠡᠮ᠎ᠡ ᠰᠠᠶᠢᠵᠢᠷᠠᠪᠠ᠃ | ᠪᠦᠬᠦ ᠣᠯᠣᠰ ᠤᠨ ᠰᠠᠭᠠᠳ ᠦᠭᠡᠢ ᠣᠷᠴᠢᠨᠳᠣ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ | ᠣᠯᠣᠰ ᠤᠨ ᠳᠣᠰᠬᠠᠢ ᠮᠡᠷᠭᠡᠵᠢᠯᠳᠡᠳ ᠤᠨ ᠰᠢᠯᠭᠠᠯᠳᠠ ᠶᠢ ᠥᠩᠭᠡᠷᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠦᠬᠦ ᠳᠠᠯ᠎ᠠ ᠪᠠᠷ ᠲᠦᠯᠬᠢᠨ ᠠᠬᠢᠭᠤᠯᠪᠠ᠃ ︽ᠬᠥᠳᠡᠭᠡ ᠲᠣᠰᠬᠤᠨ ᠮᠠᠯᠵᠢᠬᠤ ᠣᠷᠣᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠬᠦᠯᠭᠡ︾ ᠶᠢ ᠨᠠᠶᠢᠷᠠᠭᠤᠯᠣᠨ ᠳᠠᠭᠤᠰᠬᠠᠵᠣ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠬᠦᠨᠵᠡᠬᠡᠢ | ᠦᠷᠨᠢᠭᠦᠯᠦᠨ᠂ ᠮᠠᠯᠴᠢᠨ ᠲᠠᠷᠢᠶᠠᠴᠢᠨ ᠤ 120 ᠡᠷᠡᠭᠦᠯ ᠬᠠᠮᠠᠭᠠᠯᠠᠯᠳᠣ ᠵᠣᠷᠯᠣᠩ ᠢ ᠥᠭᠡᠷᠡᠴᠢᠯᠡᠨ ᠰᠢᠨᠡᠴᠢᠯᠡᠬᠦ ᠪᠠ | 321 ᠡᠷᠦᠬᠡ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠳᠠᠭᠤᠰᠬᠠᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠲᠦᠷᠬᠡᠳᠬᠡᠨ ᠠᠬᠢᠭᠤᠯᠵᠤ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ | ᠤᠷᠤᠭᠰᠢᠲᠠᠶ ᠪᠡᠶᠡᠯᠡᠭᠦᠯᠪᠠ᠃ ᠭᠠᠴᠠᠭᠠᠨ ᠤ ᠬᠠᠮᠲᠤ ᠶᠢᠨ ᠦᠮᠴᠢᠯᠡᠯᠳᠣ ᠠᠵᠤ ᠠᠬᠤᠶ ᠶᠢ ᠬᠦᠴᠦᠷᠬᠡᠭᠵᠢᠭᠦᠯᠵᠣ᠂ | ᠡᠷᠳᠡᠨᠢᠭᠤᠪᠢ ᠭᠠᠴᠠᠭ᠎ᠠ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠪᠠ ᠰᠦᠵᠢ ᠭᠠᠴᠠᠭ᠎ᠠ ᠶᠢᠨ ᠡᠪᠡᠰᠦ ᠪᠣᠷᠳᠤᠭ᠎ᠠ | ᠦᠢᠯᠡᠳᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠬᠤᠤ ᠱᠧᠩ᠂ ᠸᠧ ᠲᠦ᠋ ᠣᠷᠭᠠᠨᠢᠭ | ᠪᠣᠷᠳᠣᠭᠤᠷ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ | ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠠᠯᠠᠰᠢᠨ ᠦᠬᠡᠷ ᠤᠨ ᠬᠡᠭᠡᠯᠲᠦᠭᠦᠯᠭᠡ ᠶᠢᠨ ᠥᠷᠲᠡᠭᠡ ᠶᠢ | ᠪᠠᠶᠢᠭᠤᠯᠪᠡ᠃ ︽ᠬᠦᠯᠠᠮᠵᠢ ᠲᠠᠢ ᠲᠦᠬᠦᠷᠵᠢᠬᠦᠯᠦᠭᠰᠡᠨ ᠬᠡᠷ ᠪᠠᠶᠢᠰᠢᠩ︾ ᠤᠨ ᠠᠰᠠᠭᠤᠳᠠᠯ ᠢ ᠢᠯᠭᠠᠷᠠᠭᠤᠯᠤᠨ | ᠴᠡᠭᠴᠡᠯᠡᠨ ᠵᠠᠰᠠᠬᠤ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ | ᠦᠷᠨᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠣᠷᠢᠯᠡᠯ ᠶᠡᠷᠦᠩᠬᠡᠢ ᠳᠤ ᠪᠠᠨ ᠳᠣᠭᠳᠠᠭᠤᠨ ᠪᠣᠯᠪᠠ᠃ | ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠲᠠᠰᠤᠷᠠᠯᠲᠠ ᠥᠬᠡᠶ ᠰᠢᠯᠢᠳᠡᠭᠵᠢᠬᠦᠯᠪᠡ᠃ ︽ᠳᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠬᠡᠶᠢᠷᠡᠬᠦᠯᠦᠭᠰᠡᠨ ᠠᠴᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭ | ᠶᠠᠪᠣᠳᠠᠯ ᠢ ᠬᠦᠢᠴᠡᠳᠬᠡᠬᠦ ᠴᠠᠭ ᠢ 42% ᠢᠶᠠᠷ ᠪᠠᠭᠠᠰᠬᠠᠪᠠ᠃ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ︽ᠦᠨᠡᠮᠯᠡᠯ ᠪᠠ ᠬᠡᠷᠡᠴᠢ ᠶᠢ ᠰᠠᠯᠭᠠᠬᠤ︾ ᠪᠠ ᠭᠠᠵᠠᠷ ᠰᠢᠷᠣᠶ ᠶᠢᠨ ᠬᠤᠶᠠᠳᠠᠭᠴᠢ | ᠵᠠᠬ᠎ᠠ ᠳᠡᠯᠬᠡᠬᠦᠷ ᠤᠨ ᠠᠷᠠᠯᠵᠢᠶᠠᠨ ᠤ ᠥᠭᠡᠷᠡᠴᠢᠯᠡᠯᠲᠡ ᠶᠢ ᠬᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠣ᠂ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠦᠬᠦ ᠶᠠᠪᠤᠴᠠ ᠶᠢ ᠡᠯᠧᠺᠲᠷᠣᠨᠴᠢᠯᠡᠪᠡ᠃ ᠤᠯᠤᠰ ᠤᠨ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠲᠣᠣᠱᠯᠠᠭᠤᠯᠣᠨ᠂ 2019 ᠣᠨ ᠳᠤ ᠡᠯ᠎ᠡ | ᠵᠦᠢᠯ ᠤᠨ ᠭᠠᠶᠢᠯᠢ ᠶᠢᠨ ᠵᠠᠷᠣᠳᠠᠯ ᠢ 1.2 ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠪᠡ᠃ ᠪᠣᠭᠤᠮᠲᠠ ᠶᠢᠨ | ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠴᠡᠭᠴᠡᠯᠡᠨ᠂ ᠪᠣᠭᠤᠮᠲᠠ ᠶᠢᠨ ᠲᠥᠬᠦᠭᠡᠷᠦᠮᠵᠢ ᠶᠢ ᠬᠠᠮᠠᠭᠠᠯᠠᠬᠤ | ᠰᠦᠢᠳᠬᠡᠯ ᠢ ᠬᠦᠴᠦᠨ ᠦᠭᠡᠢ ᠪᠣᠯᠭᠠᠵᠤ᠂ ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ ᠶᠢ ᠲᠦᠷ ᠵᠣᠭᠰᠣᠭᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠲᠦᠷᠦᠯ ᠤᠨ ᠨᠠᠷᠢᠨ | ᠬᠠᠭᠤᠳᠠᠰᠤ ᠶᠢ ᠤᠯᠠᠮ ᠨᠢᠭᠡ ᠠᠯᠬᠤᠮ ᠵᠢᠷᠣᠮᠵᠢᠭᠤᠯᠪᠠ᠃ ᠬᠢᠨᠠᠨ ᠬᠠᠮᠢᠶᠠᠷᠬᠤ ᠣᠷᠣᠨ ᠪᠦᠰᠡ ᠶᠢᠨ ᠴᠢᠳᠠᠮᠵᠢ ᠶᠢᠨ | ᠬᠤᠪᠢᠶᠠᠷᠢᠯᠠᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ 60% ᠪᠠᠷ ᠪᠣᠭᠤᠨᠢᠰᠬᠠᠪᠠ | ᠃ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠪᠠ ᠥᠪᠥᠷ ᠮᠣᠩᠭᠤᠯ ᠤᠨ ᠳ᠋ᠢᠩ ᠰᠢᠨ | ᠳᠠᠭᠠᠭᠠᠯᠳᠠ ᠶᠢᠨ ᠺᠣᠮᠫᠠᠨᠢ ᠲᠠᠢ ︽ᠬᠢᠯᠢ ᠶᠢᠨ ᠠᠷᠠᠯᠵᠢᠶᠠᠨ ᠤ e ᠵᠢᠭᠡᠯᠡᠯᠭᠡ︾ ᠶᠢᠨ ᠬᠠᠮᠲᠤᠷᠠᠯᠴᠠᠭᠠᠨ ᠤ | ᠬᠡᠯᠡᠯᠴᠡᠬᠡᠷ ᠲᠤ ᠭᠠᠷ ᠤᠨ ᠦᠰᠦᠭ ᠵᠢᠷᠤᠵᠤ᠂ ︽ᠳᠣᠰᠠᠯᠠᠨ ᠪᠠᠳᠣᠯᠠᠬᠤ ᠵᠢᠭᠡᠯᠡᠯᠭᠡ︾ ᠶᠢᠨ ᠪᠠᠯᠠ ᠮᠥᠩᠭᠦ ᠶᠢ | ᠨᠡᠶᠢᠲᠡ 3.1 ᠳ᠋ᠦᠩᠰᠢᠭᠤᠷ ᠲᠥᠭᠦᠷᠢᠭ ᠲᠠᠷᠬᠠᠭᠠᠵᠤ᠂ ᠠᠵᠤ ᠠᠬᠤᠶᠢᠯᠠᠯ ᠤᠨ ᠪᠠᠯᠠ ᠬᠤᠷᠠᠮᠳᠣᠭᠤᠯᠬᠤ ᠳᠤ | ᠬᠦᠴᠢᠷᠳᠡᠢ᠂ ᠪᠠᠯᠠ ᠬᠤᠷᠠᠮᠳᠣᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠪᠦᠳᠦᠮᠵᠢᠳᠡᠢ ᠨᠠᠮᠳᠠᠭᠤᠯᠪᠠ᠃ | ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠪᠡ᠃ ᠬᠢᠵᠠᠭᠠᠷᠲᠠᠶ ᠡᠳ᠋ ᠤᠨ | ᠬᠦᠴᠦᠨ ᠢ ᠡᠩ ᠲᠡᠷᠢᠭᠦᠨ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠡᠷᠡᠭᠯᠡᠵᠦ᠂ ᠠᠷᠠᠳ ᠤᠨ ᠠᠮᠢᠳᠤᠷᠠᠯ | ᠨᠡᠶᠢᠭᠡᠮ ᠤᠨ ᠦᠢᠯᠡᠰ ᠲᠠᠬᠢ ᠵᠠᠷᠤᠯᠭ᠎ᠠ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 70% ᠠᠴᠠ | ᠳᠡᠭᠡᠭᠰᠢᠬᠢ ᠶᠢ ᠡᠵᠡᠯᠡᠪᠡ᠃ ᠣᠯᠠᠨ ᠤᠯᠤᠰ ᠤᠨ ᠳᠡᠬᠡᠳᠦ ᠰᠤᠷᠭᠠᠭᠤᠯᠢ ᠶᠢᠨ ᠲᠤᠷᠰᠢᠯᠲᠠ ᠪᠣᠯᠪᠠᠰᠤᠷᠠᠯ ᠤᠨ ᠠᠰᠠᠷ᠂ | ᠭᠤᠷᠪᠠᠳᠣᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠦᠨᠳᠦᠰᠦᠲᠡᠨ ᠤ ᠬᠡᠤᠬᠡᠳ ᠤᠨ ᠴᠡᠴᠡᠷᠯᠢᠭ ᠢ 1 ᠰᠢᠨ᠎ᠡ ᠪᠠᠷ ᠨᠡᠮᠡᠵᠦ ᠪᠠᠶᠢᠭᠤᠯᠪᠠ | ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠱᠠᠭᠠᠷᠳᠠᠭᠳᠠᠵᠣ ᠪᠠᠶᠢᠭ᠎ᠠ ᠪᠠᠭᠰᠢ ᠶᠢ | ᠰᠢᠨ᠎ᠡ ᠪᠠᠷ 12 ᠨᠡᠷ᠎ᠡ ᠡᠯᠰᠡᠪᠡ᠃ ᠬᠢᠲᠠᠳ᠂ ᠮᠣᠩᠭᠤᠯ ᠢᠶᠠᠷ ᠬᠢᠴᠢᠶᠡᠯᠯᠡᠬᠦ ᠰᠣᠷᠣᠭᠴᠢᠳ ᠤᠨ ᠵᠢᠩᠬᠢᠨᠢ ᠠᠩᠭᠢ ᠳᠤ | ᠤᠷᠤᠭᠰᠠᠨ ᠨᠣᠷᠮ᠎ᠠ 72.9%᠂ 87% ᠳᠤ ᠬᠦᠷᠪᠡ᠃ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠰᠢᠢᠳᠪᠦᠷᠢ ᠪᠠᠶᠢᠷᠢᠯᠠᠭᠤᠯᠣᠯᠳᠠ ᠶᠢ ᠬᠢᠨᠠᠮᠠᠭᠠᠢ ᠳᠣᠣᠱᠯᠠᠭᠤᠯᠣᠨ | ᠬᠡᠷᠡᠭᠵᠢᠭᠦᠯᠵᠣ᠂ ᠰᠢᠨᠵᠢᠯᠡᠬᠦ ᠣᠬᠠᠭᠠᠨᠴᠢ ᠪᠠᠷ ᠰᠣᠳᠣᠯᠣᠨ ᠮᠠᠭᠠᠳᠯᠠᠵᠣ᠂ ᠨᠠᠷᠢᠯᠢᠭ ᠣᠨᠣᠪᠴᠢᠳᠠᠢ ᠪᠣᠳᠣᠯᠭ᠎ᠠ | ᠬᠡᠷᠡᠭᠵᠢᠭᠦᠯᠦᠨ᠂ ᠡᠬᠦᠷᠭᠡ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠪᠦᠬᠦ ᠠᠶᠢᠮᠠᠭ ᠲᠤ ᠬᠠᠮᠤᠭ ᠲᠡᠷᠢᠭᠦᠨ ᠳᠤ | ᠬᠡᠪ ᠤᠨ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠰᠡᠷᠬᠦᠭᠡᠭᠰᠡᠨ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠣᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠣ᠂ ᠤᠯᠤᠰ ᠤᠨ ᠨᠢᠭᠳᠠᠷᠠᠭᠰᠠᠨ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠴᠢᠭ ᠤᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠶᠢᠨ ᠡᠮᠨᠡᠯᠭᠡ ᠶᠢᠨ ᠬᠤᠷᠢᠶᠠᠨ ᠤ ᠪᠠᠴᠢᠮ | ᠠᠪᠣᠷᠠᠯᠳᠠ ᠶᠢᠨ ᠲᠥᠪ ᠢ ᠪᠠᠶᠢᠭᠤᠯᠣᠨ ᠠᠰᠢᠭᠯᠠᠯᠲᠠ ᠳᠤ ᠣᠷᠣᠭᠤᠯᠵᠣ᠂ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠭᠤᠣᠯ ᠴᠣᠭᠴᠠ ᠶᠢᠨ ᠪᠠᠷᠢᠯᠭ᠎ᠠ ᠶᠢ | ᠳᠠᠭᠤᠰᠬᠠᠨ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠪᠥᠬᠦ ᠠᠶᠢᠮᠠᠭ ᠤᠨ ᠬᠤᠶᠠᠳᠤᠭᠠᠷ ᠳᠡᠰ ᠤᠨ ᠬᠥᠬᠡ | ᠵᠡᠷᠭᠡᠯᠡᠯ ᠤᠨ ᠦᠨᠳᠣᠰᠣᠳᠡᠨ ᠤ ᠡᠮᠨᠡᠯᠭᠡ ᠶᠢᠨ ᠬᠤᠷᠢᠶ᠎ᠠ ᠶᠢᠨ ᠬᠢᠨᠠᠨ ᠦᠨᠡᠯᠡᠯᠳᠡ ᠶᠢ ᠦᠩᠭᠡᠷᠡᠭᠦᠯᠪᠡ᠃ ᠬᠤᠯᠤᠭᠠᠨ᠎ᠠ | ᠶᠢᠨ ᠬᠤᠭᠤᠷᠣᠨᠳᠣᠬᠢ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠵᠦ᠂ ᠣᠷᠣᠨ ᠠᠶᠢᠮᠠᠭ ᠤᠨ ᠬᠤᠶᠠᠷ | ᠱᠠᠲᠤᠨ ᠤ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠤᠷᠤᠭᠰᠢᠲᠠᠶ ᠥᠩᠭᠡᠷᠡᠭᠦᠯᠪᠡ᠃ ︽ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ | ᠦᠷᠭᠦᠯᠵᠢᠯᠡᠨ ᠠᠬᠢᠭᠤᠯᠵᠣ᠂ 1194 ᠬᠥᠮᠦᠨ ᠳᠤ ᠰᠢᠨ᠎ᠡ ᠪᠠᠷ ᠠᠵᠢᠯ ᠣᠯᠭᠤᠵᠦ᠂ ᠬᠤᠲᠠ ᠪᠠᠯᠭᠠᠰᠤᠨ ᠤ ᠠᠵᠢᠯ | ᠠᠯᠳᠠᠭᠰᠠᠳ ᠤᠨ ᠳᠠᠩᠰᠠᠯᠠᠯᠳᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ | ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠢᠯᠡᠳᠲᠡ ᠳᠡᠭᠡᠭᠰᠢᠯᠡᠬᠦᠯᠪᠡ᠃ ︽ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ ᠢ ᠭᠦᠨᠵᠡᠭᠡᠶ ᠥᠷᠨᠢᠭᠦᠯᠵᠦ᠂ 175 ᠠᠰᠠᠭᠤᠳᠠᠯ ᠢ ᠴᠤᠭᠯᠠᠭᠤᠯᠤᠨ ᠪᠠᠶᠢᠴᠠᠭᠠᠵᠣ᠂ 165 ᠶᠢ ᠨᠢ | ᠴᠡᠭᠴᠡᠯᠡᠨ ᠦᠬᠡᠷᠡᠴᠢᠯᠡᠵᠣ ᠳᠠᠭᠤᠰᠬᠠᠪᠠ᠃ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠣᠯᠳᠠ ᠶᠢᠨ ᠵᠢᠱᠢᠶ᠎ᠡ ᠦᠵᠡᠭᠦᠯᠬᠦ ᠬᠤᠲᠠ ᠪᠠᠷ ᠪᠠᠳᠣᠯᠠᠭᠳᠠᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ︾ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠶ ᠦᠷᠨᠢᠭᠦᠯᠦᠨ᠂ ᠬᠢᠯᠢ ᠬᠢᠵᠠᠭᠠᠷ ᠤᠨ ︽ᠭᠤᠷᠪᠠᠨ | ᠰᠡᠷᠭᠡᠶᠢᠯᠡᠯᠲᠡ ᠶᠢᠨ ᠱᠤᠭᠤᠮ︾ ᠤᠨ ᠠᠵᠢᠯ ᠤᠨ ᠵᠠᠭᠪᠤᠷ ᠤᠯᠤᠰ ᠤᠨ ᠰᠦᠷᠳᠡᠬᠦᠯᠦᠯ ᠢ ᠡᠰᠡᠷᠭᠦᠴᠡᠬᠦ ᠠᠯᠪᠠᠨ ᠬᠡᠷ | ᠤᠨ ᠳᠡᠯᠭᠡᠷᠡᠭᠦᠯᠦᠨ ᠰᠣᠷᠣᠯᠴᠠᠭᠤᠯᠬᠤ ᠠᠭᠤᠯᠭ᠎ᠠ ᠪᠠᠷ ᠵᠦᠪᠰᠢᠶᠡᠷᠡᠭᠳᠡᠪᠡ᠃ ᠵᠠᠬᠢᠳᠠᠯ ᠰᠣᠷᠪᠣᠯᠵᠢᠯᠠᠭ᠎ᠠ ᠶᠢᠨ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠣᠷᠢᠯᠡᠬᠦ ︽ᠵᠠᠭᠤᠨ ᠡᠳᠦᠷ ᠤᠨ ᠰᠢᠪᠳᠣᠯᠣᠯᠳᠠ︾ ᠶᠢᠨ ᠠᠵᠢᠯᠯᠠᠭ᠎ᠠ | ᠶᠢ ᠥᠷᠨᠢᠭᠦᠯᠵᠦ᠂ ᠣᠷᠣᠨ ᠠᠶᠢᠮᠠᠭ ᠠᠴᠠ ᠳᠣᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠣᠷᠢᠯᠡᠵᠦ | ᠳᠠᠭᠤᠰᠬᠠᠭᠰᠠᠨ ᠨᠣᠷᠮ᠎ᠠ 100% ᠳᠤ ᠬᠦᠷᠴᠦ᠂ ᠪᠦᠬᠦ ᠤᠯᠤᠰ ᠤᠨ ᠵᠠᠬᠢᠳᠠᠯ ᠰᠣᠷᠪᠣᠯᠵᠢᠯᠠᠭ᠎ᠠ ᠶᠢᠨ ︽ᠭᠤᠷᠪᠠᠨ | ᠦᠭᠡᠢ︾ ᠬᠤᠲᠠ ᠪᠠᠷ ᠦᠨᠡᠯᠡᠭᠳᠡᠪᠡ᠃ ᠴᠡᠷᠢᠭ ᠠᠴᠠ ᠬᠠᠯᠠᠭᠳᠠᠭᠰᠠᠳ᠂ ᠠᠵᠢᠯ ᠤᠨ ᠪᠠᠶᠢᠷᠢ ᠠᠴᠠ ᠪᠠᠨ | ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠳᠣᠬᠢᠳᠠᠢ ᠲᠦᠪᠬᠢᠨᠡᠭᠦᠯᠵᠣ᠂ ᠲᠦᠷᠪᠡ ᠣᠳᠠᠭ᠎ᠠ ᠳᠠᠷᠠᠭᠠᠯᠠᠨ ᠪᠦᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠢᠷᠠᠭᠤ ᠠᠯᠳᠠᠷ ᠢ ᠬᠦᠷᠲᠡᠪᠡ᠃ ᠳᠥᠷᠪᠡᠳᠦᠭᠡᠷ | ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠳᠠᠯ᠎ᠠ ᠪᠠᠷ ᠪᠡᠶᠡᠯᠡᠭᠦᠯᠵᠦ᠂ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠪᠡ᠃ | ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠢᠨᠠᠨ ᠪᠣᠳᠣᠯᠳᠠ᠂ ᠳᠠᠩᠰᠠ ᠡᠪᠬᠡᠮᠡᠯ ᠲᠡᠦᠬᠡ | ᠣᠶᠢᠯᠠᠯᠭ᠎ᠠ᠂ ᠠᠵᠢᠯᠳᠠᠨ ᠤ ᠶᠠᠪᠣᠳᠠᠯ ᠪᠠ ᠴᠢᠳᠠᠪᠣᠷᠢᠳᠠᠨ᠂ ᠭᠠᠵᠠᠷ ᠬᠥᠳᠡᠯᠦᠯᠲᠡ ᠴᠠᠭ ᠠᠭᠤᠷ᠂ ᠰᠢᠦᠳᠠᠨ | ᠬᠤᠯᠪᠣᠭ᠎ᠠ ᠴᠢᠮᠡᠭᠡ ᠨᠡᠪᠳᠡᠷᠡᠯᠭᠡ᠂ ᠰᠣᠨᠢᠨ ᠮᠡᠳᠡᠭᠡ ᠬᠡᠪᠯᠡᠯ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠳᠡᠶᠢᠴᠣᠳ ᠬᠡᠦᠬᠡᠳ᠂ ᠣᠯᠠᠭᠠᠨ ᠵᠠᠭᠠᠯᠮᠠᠶᠢᠳᠠᠨ᠂ ᠠᠬᠠᠮᠠᠳ ᠺᠠᠳ᠋ᠷᠴᠣᠳ ᠪᠠ ᠬᠤᠶᠢᠴᠢ ᠦᠶ᠎ᠡ ᠪᠠᠨ | ᠬᠠᠯᠠᠮᠵᠢᠯᠠᠬᠤ ᠵᠡᠷᠭᠡ ᠠᠵᠢᠯ ᠦᠢᠯᠡᠰ ᠴᠥᠮ ᠰᠢᠨ᠎ᠡ ᠠᠬᠢᠴᠠ ᠲᠠᠢ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠦ ᠬᠤᠷᠢᠭᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠬᠦᠰᠴᠦ ᠮᠡᠳᠡᠬᠦ ᠬᠡᠷᠡᠭ ᠤᠨ | ᠨᠢᠭᠡᠳᠦᠭᠡᠷ ᠵᠡᠷᠬᠡᠯᠡᠯ ᠤᠨ ᠰᠡᠷᠬᠡᠶᠢᠯᠡᠯᠳᠠ ᠶᠢᠨ ᠣᠷᠢᠶᠠᠯᠠᠭ᠎ᠠ ᠶᠢ ᠳᠠᠷᠦ᠋ᠢᠬᠠᠨ ᠡᠬᠢᠯᠡᠭᠦᠯᠵᠣ᠂ ᠬᠤᠲᠠ ᠶᠢᠨ ᠲᠡᠰ ᠤᠨ | ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠵᠣ ᠱᠠᠭᠠᠷᠳᠠᠨ ᠵᠢᠯᠣᠭᠤᠳᠬᠤ ᠠᠵᠢᠯ ᠤᠨ ᠳᠣᠭᠳᠠᠴᠠ ᠶᠢ ᠪᠠᠶᠢᠭᠤᠯᠣᠨ᠂ | ᠨᠠᠮ ᠤᠨ ᠭᠡᠰᠢᠭᠦᠨ ᠺᠠᠳ᠋ᠷᠴᠣᠳ ᠡᠮᠦᠨ᠎ᠡ ᠹᠷᠣᠨᠲ ᠲᠤ ᠪᠠᠭᠤᠵᠣ᠂ ᠨᠡᠶᠢᠭᠡᠮ ᠳᠣᠭᠤᠷᠢᠭ ᠤᠨ ᠣᠯᠠᠨ ᠲᠦᠮᠡᠨ | ᠰᠠᠨᠠᠭᠠᠴᠢᠯᠠᠭ᠎ᠠ ᠠᠴᠠ ᠪᠠᠨ ᠣᠷᠣᠯᠴᠠᠵᠣ᠂ ᠬᠤᠲᠠ ᠳᠤ ᠣᠷᠣᠬᠤ ᠪᠦᠷᠢᠳᠭᠡᠯ ᠳᠠᠩᠰᠠᠯᠠᠯᠳᠠ᠂ ᠰᠠᠭᠤᠭᠠᠯᠢ | ᠠᠷᠠᠳ ᠤᠨ ᠲᠣᠭᠤᠷᠢᠭ ᠤᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠡᠷᠦᠬᠡ ᠳᠠᠷᠠᠭᠠᠯᠠᠭᠰᠠᠨ ᠪᠠᠶᠢᠴᠠᠭᠠᠯᠳᠠ᠂ | ᠣᠯᠠᠨ ᠲᠦᠮᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠡᠷᠭᠡ ᠳᠥᠷᠪᠡᠨ ᠰᠡᠷᠭᠡᠶᠢᠯᠡᠯᠲᠡ ᠶᠢᠨ | ᠱᠤᠭᠤᠮ ᠢ ᠨᠢᠭᠳᠠ ᠪᠠᠶᠢᠭᠤᠯᠪᠠ᠃ ᠪᠦᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠨᠢᠭᠡᠳᠦᠯᠲᠡᠢ ᠲᠥᠯᠥᠪᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠰᠢᠨᠵᠢᠯᠡᠬᠦ | ᠣᠬᠠᠭᠠᠨᠴᠢ ᠪᠠᠷ ᠣᠨᠣᠪᠴᠢᠲᠠᠶ ᠠᠳᠬᠤᠵᠤ᠂ ᠪᠥᠬᠦ ᠣᠷᠣᠨ ᠤ ᠠᠩᠬᠠᠳᠠᠭᠴᠢ ᠰᠢᠨ᠎ᠡ ᠲᠢᠲᠢᠮᠯᠢᠭ ᠠᠭᠤᠰᠬᠢᠨ ᠤ | ᠦᠷᠪᠢᠰᠦᠯ ᠤᠨ ᠬᠦᠨᠳᠦ ᠡᠪᠡᠳᠴᠢᠲᠡᠨ ᠢ ᠠᠮᠵᠢᠯᠲᠠ ᠲᠠᠢ ᠵᠠᠰᠠᠨ ᠡᠳᠡᠭᠡᠷᠡᠭᠦᠯᠪᠡ᠃ ᠵᠠᠰᠠᠮᠠᠯ ᠵᠠᠮ ᠤᠨ ᠪᠣᠭᠤᠮᠲᠠ ᠪᠠᠷ | ᠣᠷᠣᠵᠣ ᠭᠠᠷᠴᠣ ᠪᠠᠶᠢᠭ᠎ᠠ ᠵᠣᠷᠴᠢᠭᠴᠢᠳ ᠲᠤ ᠪᠢᠳᠡᠭᠦᠮᠵᠢᠯᠡᠭᠰᠡᠨ ᠳᠣᠭᠤᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ | ᠂ ᠶᠡᠭᠡ ᠬᠡᠮᠵᠢᠶᠡᠨ ᠤ ᠪᠠᠷᠠᠭ᠎ᠠ ᠳᠠᠸᠠᠷ ᠢ ᠨᠡᠪᠳᠡᠷᠡᠭᠦᠯᠬᠦ ᠰᠠᠭᠠᠳ ᠦᠬᠡᠢ ᠭᠠᠷᠴᠠ ᠶᠢ ᠨᠡᠭᠡᠭᠡᠵᠣ᠂ ᠣᠯᠣᠰ ᠪᠠ | ᠦᠪᠡᠷᠳᠡᠭᠡᠨ ᠵᠠᠰᠠᠬᠤ ᠣᠷᠣᠨ ᠢ ᠬᠠᠮᠵᠢᠯᠴᠠᠨ ᠮᠣᠩᠭᠤᠯ ᠣᠯᠣᠰ ᠤᠨ ᠢᠷᠭᠡᠳ ᠤᠨ ᠣᠯᠣᠰ ᠲᠤ ᠪᠠᠨ ᠪᠣᠴᠠᠬᠤ ᠪᠠ | ᠮᠠᠨ ᠤ ᠣᠯᠣᠰ ᠤᠨ ᠢᠷᠭᠡᠳ ᠢ ᠬᠢᠯᠢ ᠪᠠᠷ ᠣᠷᠣᠭᠤᠯᠵᠣ ᠭᠠᠷᠭᠠᠬᠤ ᠠᠵᠢᠯ ᠢ ᠦᠷᠨᠢᠭᠦᠯᠦᠨ᠂ ᠪᠣᠭᠤᠮᠲᠠ ᠶᠢᠨ | ᠬᠢᠵᠢᠭ ᠤᠨ ᠪᠠᠶᠢᠳᠠᠯ ᠤᠨ ︽ᠨᠢᠭᠡ ᠶᠢ ᠴᠦ ᠣᠷᠣᠭᠤᠯᠬᠤ ᠥᠬᠡᠶ︾᠂ ︽ᠨᠢᠭᠡ ᠶᠢ ᠴᠦ ᠭᠠᠷᠭᠠᠬᠤ ᠥᠬᠡᠶ︾ ᠪᠠ ︽ | ᠨᠢᠭᠡ ᠶᠢ ᠴᠣ᠋ ᠬᠠᠯᠳᠠᠪᠣᠷᠢᠯᠠᠭᠤᠯᠬᠤ ᠥᠬᠡᠶ︾ ᠪᠠᠶᠢᠬᠤ ᠶᠢ ᠪᠡᠶᠡᠯᠡᠭᠦᠯᠪᠡ᠃ ᠤᠯᠤᠰ ᠤᠨ ᠪᠡᠯᠡ ᠣᠷᠣᠭᠤᠯᠣᠯᠳᠠ ᠶᠢᠨ | ᠲᠦᠭᠰᠢᠭᠦᠷᠢ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠳᠣᠷ ᠠᠰᠢᠭᠯᠠᠵᠤ᠂ ᠡᠩ ᠤᠨ ᠣᠷᠣᠨ | ᠨᠤᠲᠤᠭ ᠤᠨ ᠵᠢᠭᠡᠯᠡᠯᠭᠡ ᠶᠢᠨ ᠳᠡᠮᠳᠡᠭᠳᠣ᠂ ᠤᠯᠤᠰ ᠤᠨ ᠣᠨᠴᠠᠭᠠᠶ ᠵᠢᠭᠡᠯᠡᠯᠭᠡ ᠶᠢᠨ ᠳᠡᠮᠳᠡᠭᠳᠣ᠂ ᠣᠨᠴᠠᠭᠠᠶ | ᠰᠢᠯᠵᠢᠭᠦᠯᠦᠨ ᠣᠯᠭᠤᠬᠤ ᠪᠡᠯᠡ ᠮᠦᠩᠭᠦ᠂ ᠣᠷᠣᠨ ᠨᠤᠲᠤᠭ ᠤᠨ ᠲᠤᠰᠬᠠᠶ ᠵᠢᠭᠡᠯᠡᠯᠭᠡ ᠶᠢᠨ ᠳᠡᠮᠳᠡᠭᠳᠣ ᠵᠡᠷᠭᠡ ᠳᠡᠭᠡᠳᠦ | ᠱᠠᠲᠤᠨ ᠤ ᠪᠡᠯᠡ ᠮᠥᠩᠭᠦ ᠶᠢ 10.3 ᠳ᠋ᠦᠩᠰᠢᠭᠤᠷ ᠲᠥᠭᠦᠷᠢᠭ ᠬᠦᠬᠡᠬᠡᠴᠡᠯᠳᠦᠨ ᠣᠯᠵᠣ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠪᠠ᠃ 1 ᠨᠡᠷ᠎ᠡ ᠨᠢᠭᠡᠳᠦᠭᠡᠷ ᠹᠷᠣᠨᠲ ᠲᠤ ᠬᠢᠵᠢᠭ ᠢ ᠡᠰᠡᠷᠬᠦᠴᠡᠭᠰᠡᠨ ᠠᠵᠢᠯᠲᠠᠨ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠣᠳᠠᠯ ᠤᠨ ᠬᠤᠷᠢᠶᠠᠨ ᠤ ᠬᠥᠬᠢᠭᠦᠯᠦᠯ ᠢ ᠬᠦᠷᠳᠡᠪᠡ᠃ | ᠲᠥᠯᠥᠭᠡᠯᠡᠭᠴᠢᠳ ᠡ᠂ ᠥᠩᠭᠡᠷᠡᠭᠰᠡᠨ ᠵᠢᠯ ᠢᠯᠡᠭᠦᠦ ᠶᠢᠨ ᠲᠤᠷᠰᠢ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠦᠨᠳᠦ ᠬᠡᠴᠡᠬᠦᠦ ᠭᠠᠳᠠᠭᠠᠳᠤ ᠶᠢᠨ | ᠥᠷᠢᠰᠥᠯᠳᠦᠭᠡᠨ ᠪᠠ ᠳᠣᠲᠣᠭᠠᠳᠤ ᠶᠢᠨ ᠳᠠᠷᠤᠯᠲᠠ ᠶᠢ ᠢᠯᠠᠨ ᠳᠠᠪᠠᠵᠤ᠂ ᠠᠶᠤᠯ ᠲᠦᠭᠰᠢᠭᠦᠷᠢ ᠶᠢ ᠠᠵᠠ ᠲᠣᠬᠢᠶᠠᠯ | ᠪᠣᠯᠭᠠᠨ ᠬᠤᠪᠢᠷᠠᠭᠤᠯᠵᠦ᠂ ᠬᠦᠴᠢᠷ ᠢ ᠰᠦᠷᠦᠨ ᠣᠷᠣᠭᠰᠢᠯᠠᠨ᠂ ᠪᠣᠭᠤᠮᠲᠠ ᠶᠢᠨ ᠠᠵᠣ ᠠᠬᠤᠢ ᠨᠡᠶᠢᠭᠡᠮ ᠤᠨ ᠡᠯ᠎ᠡ | ᠲᠦᠷᠦᠯ ᠤᠨ ᠠᠵᠢᠯ ᠦᠢᠯᠡᠰ ᠤᠨ ᠯᠠᠪᠳᠠᠭᠤᠨ ᠢᠶᠠᠷ ᠬᠦᠭᠵᠢᠭᠦ ᠶᠢ ᠪᠠᠳᠣᠯᠠᠪᠠ᠃ ᠪᠢᠳᠡ ᠠᠮᠢ ᠨᠠᠰᠤ ᠶᠢ ᠳᠡᠭᠡᠳᠦᠯᠡᠬᠦ | ᠵᠠᠷᠴᠢᠮ ᠢ ᠪᠠᠷᠢᠮᠳᠠᠯᠠᠵᠣ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠲᠠᠷᠠᠰᠢ ᠦᠭᠡᠢ ᠴᠢᠩᠭ᠎ᠠ ᠠᠳᠬᠤᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠳᠣᠴᠢ ᠴᠢᠨᠠᠷᠲᠠᠶ ᠢᠯᠠᠯᠲᠠ ᠶᠢ ᠲᠡᠮᠡᠴᠡᠨ ᠣᠯᠪᠠ᠃ ᠡᠳᠡᠭᠡᠷ | ᠠᠮᠵᠢᠯᠲᠠ ᠪᠦᠲᠦᠮᠵᠢ ᠶᠢ ᠣᠯᠣᠭᠰᠠᠨ ᠨᠢ ᠳᠡᠬᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠲᠠ ᠶᠢᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠥᠪ | ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠠᠶᠢᠬᠡᠮ ᠤᠨ ᠡᠯ᠎ᠡ ᠡᠲᠡᠭᠡᠳ ᠤᠨ ᠬᠢᠨ ᠤ ᠳᠡᠮᠵᠢᠯᠭᠡ | ᠦᠵᠡᠭᠦᠯᠦᠭᠰᠡᠨ ᠤ ᠦᠷ᠎ᠡ ᠳ᠋ᠦᠩ ᠶᠤᠮ᠂ ᠪᠦᠬᠦ ᠬᠤᠲᠠ ᠶᠢᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ | ᠨᠢᠭᠳᠠᠷᠠᠨ ᠪᠦᠯᠬᠦᠮᠳᠡᠵᠣ ᠬᠠᠲᠠᠭᠤᠵᠢᠯ ᠲᠠᠢ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠣᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠣᠰᠣ ᠬᠦᠮᠦᠰ᠂ ᠡᠯ᠎ᠡ ᠠᠷᠠᠳ ᠤᠨ | ᠪᠦᠯᠬᠦᠮ ᠪᠠ ᠨᠡᠶᠢᠭᠡᠮ ᠤᠨ ᠡᠯ᠎ᠡ ᠡᠳᠡᠭᠡᠳ ᠤᠨ ᠬᠢᠨ᠂ ︽ᠭᠤᠷᠪᠠᠨ ᠬᠤᠲᠠ ᠨᠢᠭᠡ ᠭᠠᠷᠠᠮ︾ ᠢ ᠡᠬᠦᠳᠦᠨ | ᠪᠠᠶᠢᠭᠤᠯᠬᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠥᠬᠦ ᠬᠤᠲᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠥᠬᠦ ᠨᠥᠬᠦᠳ᠂ ᠨᠠᠶᠢᠵᠠ ᠨᠠᠷ ᠲᠠᠭᠠᠨ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠳᠠ ᠪᠦᠳᠦᠮᠵᠢ ᠪᠠᠨ ᠨᠣᠳᠠᠯᠠᠬᠤ ᠶᠢᠨ ᠬᠠᠮᠳᠦ᠂ ᠳᠣᠯᠭᠠᠷᠴᠣ ᠪᠠᠶᠢᠭ᠎ᠠ ᠵᠦᠷᠢᠴᠡᠯ ᠪᠠ ᠠᠰᠠᠭᠤᠳᠠᠯ ᠢ ᠪᠢᠳᠠ | ᠪᠠᠰᠠ ᠰᠡᠷᠬᠡᠭ ᠢᠶᠠᠷ ᠳᠠᠨᠢᠬᠤ ᠴᠢᠬᠤᠯᠠ ᠲᠠᠢ᠃ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ | ᠪᠠᠶᠢᠳᠠᠯ ᠪᠠ ᠳᠡᠯᠡᠬᠡᠢ ᠶᠢᠨ ᠬᠤᠪᠢᠷᠠᠯᠳᠠ ᠣᠯᠠᠨᠳᠠᠢ ᠠᠵᠣ ᠠᠬᠤᠢ ᠶᠢᠨ ᠣᠷᠴᠢᠨ ᠤ ᠨᠦᠯᠦᠭᠡ ᠶᠢ ᠬᠦᠷᠳᠡᠭᠰᠡᠨ ᠠᠴᠠ | ᠂ ᠮᠠᠨ ᠤ ᠣᠯᠣᠰ ᠤᠨ ᠬᠦᠭᠵᠢᠯᠳᠡ ᠳᠤ ᠳᠣᠯᠭᠠᠷᠴᠣ ᠪᠠᠶᠢᠭ᠎ᠠ ᠦᠷᠢᠰᠦᠯᠳᠦᠬᠡᠨ ᠣᠷᠢᠳ ᠡᠮᠦᠨ᠎ᠡ ᠪᠠᠶᠢᠭ᠎ᠠ ᠦᠬᠡᠢ | ᠶᠣᠮ᠃ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠡᠭᠡ ᠪᠢᠰᠢ᠂ ᠠᠵᠤ ᠦᠢᠯᠡᠰ ᠤᠨ ᠪᠦᠲᠦᠴᠡ ᠰᠢᠯᠢᠳᠡᠭ ᠪᠣᠰᠣ᠂ | ᠪᠣᠳᠠᠲᠤ ᠠᠵᠤ ᠠᠬᠤᠶ ᠶᠢᠨ ᠲᠡᠰ ᠳᠠᠪᠬᠤᠷᠭ᠎ᠠ ᠥᠨᠳᠥᠷ ᠪᠢᠰᠢ ᠵᠡᠷᠭᠡ ᠠᠰᠠᠭᠤᠳᠠᠯ ᠮᠥᠨ ᠯᠡ ᠮᠠᠰᠢ ᠲᠤᠪᠤᠶᠢᠮ᠎ᠠ | ᠪᠠᠶᠢᠨ᠎ᠠ︔ ᠭᠤᠤᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠲᠡ ᠶᠢᠨ ᠲᠤᠷᠰᠢᠯᠲᠠ ᠶᠢᠨ ᠳᠣᠭᠤᠷᠢᠭ ᠤᠨ ᠲᠦᠷᠦᠭᠦᠯᠡᠨ | ᠬᠡᠷᠡᠭᠵᠢᠭᠦᠯᠵᠣ ᠣᠷᠢᠳᠴᠢᠯᠠᠨ ᠲᠤᠷᠰᠢᠬᠤ ᠳᠠᠯ᠎ᠠ ᠪᠠᠷ ᠣᠯᠣᠭᠰᠠᠨ ᠪᠦᠲᠦᠮᠵᠢ ᠣᠯᠠᠨ ᠪᠢᠰᠢ᠂ ᠣᠨᠴᠠᠯᠢᠭᠲᠤ ᠠᠵᠤ | ᠦᠢᠯᠡᠰ ᠨᠢ ᠲᠣᠮᠣ ᠲᠥᠷᠥᠯ ᠵᠦᠢᠯ ᠤᠨ ᠲᠦᠰᠢᠭ ᠳᠣᠯᠭᠠᠭᠤᠷᠢ ᠳᠣᠳᠠᠭᠳᠠᠵᠣ ᠪᠠᠶᠢᠨ᠎ᠠ︔ ᠬᠢᠯᠢ ᠶᠢᠨ ᠳᠣᠲᠣᠨ᠎ᠠ | ᠭᠠᠳᠠᠨᠠᠬᠢ ᠳᠡᠭᠡᠭᠡᠪᠦᠷᠢᠯᠡᠯᠳᠡ ᠶᠢᠨ ᠭᠠᠷᠴᠠ ᠰᠢᠭᠤᠷᠬᠠᠢ ᠪᠣᠰᠣ᠂ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ | ᠰᠢᠩᠭᠡᠭᠡᠬᠦ ᠴᠢᠳᠠᠪᠤᠷᠢ ᠬᠢᠵᠠᠭᠠᠷ ᠲᠠᠢ ᠪᠠᠶᠢᠵᠤ᠂ ᠭᠠᠳᠠᠭᠠᠳᠣ ᠠᠴᠠ ᠣᠷᠣᠭᠤᠯᠣᠭᠰᠠᠨ ᠲᠦᠭᠦᠭᠡᠢ ᠮᠠᠲ᠋ᠧᠷᠢᠶᠠᠯ | ᠰᠢᠭᠤᠳ ᠳᠠᠮᠵᠢᠨ ᠳᠣᠳᠣᠭᠠᠳᠣ ᠣᠷᠣᠨ ᠳᠤ ᠳᠡᠭᠡᠭᠡᠪᠦᠷᠢᠯᠡᠭᠳᠡᠵᠣ ᠪᠠᠶᠢᠭ᠎ᠠ ᠠᠰᠠᠭᠤᠳᠠᠯ ᠢ ᠮᠥᠨ ᠰᠢᠢᠳᠪᠦᠷᠢᠯᠡᠭᠡ | ᠦᠬᠡᠢ ᠪᠠᠶᠢᠭᠰᠠᠭᠠᠷ︔ ᠭᠠᠶᠢᠯᠢ ᠶᠢᠨ ᠢᠷᠡᠯᠲᠡ ᠶᠢᠨ ᠪᠦᠲᠦᠴᠡ ᠳᠠᠩ ᠴᠤᠯᠭᠤᠶ᠂ ᠡᠳ᠋ ᠤᠨ ᠵᠠᠰᠠᠭ ᠤᠨ ᠣᠷᠣᠯᠭ᠎ᠠ | ᠪᠠᠭᠠᠰᠣᠨ ᠵᠠᠷᠣᠯᠭ᠎ᠠ ᠨᠡᠮᠡᠭᠳᠡᠵᠣ᠂ ᠣᠷᠣᠯᠭ᠎ᠠ ᠵᠠᠷᠣᠯᠭ᠎ᠠ ᠶᠢᠨ ᠵᠦᠷᠢᠴᠡᠯ ᠣᠯᠠᠮ ᠨᠢᠭᠡ ᠠᠯᠬᠤᠮ ᠬᠤᠷᠴᠠᠳᠪᠠ︔ | ᠣᠯᠠᠨ ᠨᠡᠶᠢᠲᠡ ᠶᠢᠨ ᠦᠢᠯᠡᠴᠢᠯᠡᠭᠡ ᠪᠠ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠯᠡ ᠴᠥᠭᠡᠨ ᠪᠤᠰᠤ | ᠳᠣᠳᠠᠭᠳᠠᠯ ᠣᠷᠣᠰᠢᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠯᠦᠭᠡ ᠪᠠᠰᠠ | ᠵᠥᠷᠢᠶ᠎ᠡ ᠲᠠᠢ ᠪᠠᠶᠢᠨ᠎ᠠ᠂ ᠡᠳᠡᠭᠡᠷ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠰᠠᠭᠤᠳᠠᠯ ᠳᠤ | ᠰᠢᠭᠤᠳ ᠬᠠᠨᠳᠤᠵᠤ᠂ ᠨᠠᠷᠢᠨ ᠬᠢᠨᠠᠮᠠᠭᠠᠢ ᠰᠢᠢᠳᠪᠦᠷᠢᠯᠡᠬᠦ ᠴᠢᠬᠤᠯᠠᠳᠠᠢ᠃ | ᠬᠤᠶᠠᠷ᠂ ᠳᠠᠷᠠᠭᠠᠴᠢ ᠶᠢᠨ ᠠᠯᠬᠤᠮ ᠤᠨ ᠠᠵᠢᠯ | ︵ᠨᠢᠭᠡ︶ ᠭᠤᠷᠪᠠᠨ ᠶᠡᠭᠡ ᠪᠣᠭᠤᠮᠳᠠ ᠰᠢᠪᠳᠣᠯᠣᠯᠳᠠ ᠶᠢᠨ ᠳᠠᠶᠢᠯᠠᠯᠳᠣᠭᠠᠨ ᠤ ᠢᠯᠡᠯᠳᠠ ᠶᠢ ᠪᠦᠬᠦ | ᠬᠦᠴᠦᠨ ᠢᠶᠠᠷ ᠢᠶᠠᠨ ᠳᠡᠮᠡᠴᠡᠨ ᠣᠯᠣᠨ᠎ᠠ᠃ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠳᠡᠮᠡᠴᠡᠨ ᠣᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠢ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ | ᠪᠦᠲᠦᠭᠡᠯ ᠢ ᠪᠠᠳᠣᠳᠬᠠᠨ᠂ ᠪᠦᠬᠦ ᠲᠠᠯ᠎ᠠ ᠪᠠᠷ ᠬᠤᠷᠢᠶᠠᠩᠭᠤᠶᠢᠯᠠᠨ ᠳ᠋ᠦᠩᠨᠡᠬᠦ ᠪᠠ ᠳᠠᠩᠰᠠᠯᠠᠵᠦ ᠺᠠᠷᠲᠯᠠᠭᠰᠠᠨ ᠡᠷᠦᠬᠡ | ᠳᠤ ᠬᠥᠳᠡᠯᠦᠩᠭᠦᠢ ᠪᠠᠶᠢᠳᠠᠯ ᠤᠨ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠵᠣ᠂ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠣᠨ | ᠪᠦᠷᠢᠨᠰᠢᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠳᠡᠮᠡᠴᠡᠨ ᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ 1 ᠬᠤᠪᠢ | ᠰᠢᠢᠳᠪᠣᠷᠢᠯᠡᠵᠦ ᠳᠠᠭᠤᠰᠬᠠᠬᠤ ᠶᠢ ᠦᠨᠡᠨᠬᠦ ᠪᠠᠳᠣᠯᠠᠨ᠂ ᠴᠠᠶᠢᠶ᠋ᠢᠦ ᠲᠣᠰᠣᠨ ᠤ ᠠᠴᠢᠶᠠᠨ ᠤ ᠲᠡᠷᠭᠡ ᠶᠢᠨ ᠪᠣᠬᠢᠷᠲᠤᠯ ᠢ | ᠵᠠᠰᠠᠬᠤ᠂ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠲᠦᠷᠢᠮᠵᠢᠭᠰᠡᠨ ᠪᠠᠶᠢᠭᠤᠯᠣᠯᠳᠠ ᠶᠢ ᠲᠦᠯᠬᠢᠨ | ᠠᠬᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠣᠷᠢᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠳᠠ ᠶᠢ ᠳᠡᠮᠡᠴᠡᠨ | ᠣᠯᠤᠨ᠎ᠠ᠃ ᠣᠯᠠᠨ ᠠᠷᠭ᠎ᠠ ᠵᠠᠮ ᠢᠶᠠᠷ ᠥᠷᠢ ᠥᠭᠴᠡᠭᠡ ᠶᠢᠨ ᠬᠠᠳᠠᠭᠠᠯᠠᠭᠳᠠᠴᠠ ᠶᠢ ᠲᠣᠬᠢᠲᠠᠶ ᠠᠷᠢᠯᠭᠠᠵᠤ᠂ | ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠣᠷᠢᠯᠡᠬᠦ ᠪᠠ ᠮᠠᠯᠵᠢᠬᠤ ᠲᠠᠷᠢᠶᠠᠯᠠᠬᠤ ᠣᠷᠣᠨ ᠤ | ᠠᠷᠠᠳ ᠤᠨ ᠳᠤᠮᠳᠠᠬᠢ ᠵᠢᠭᠡᠯᠡᠯᠭᠡ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠳᠣᠷ ᠬᠢᠵᠣ᠂ | ᠰᠢᠰᠲ᠋ᠧᠮ ᠤᠨ ᠴᠢᠨᠠᠷᠲᠠᠶ ᠮᠥᠩᠭᠦᠨ ᠬᠦᠢᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ | ᠰᠠᠬᠢᠨ᠎ᠠ᠃ | ︵ᠬᠤᠶᠠᠷ︶ ᠭᠠᠳᠠᠭᠠᠳᠤ ᠨᠡᠭᠡᠭᠡᠯᠲᠡ ᠶᠢ ᠪᠦᠬᠦ ᠬᠦᠴᠦᠨ ᠢᠶᠠᠷ ᠥᠷᠭᠡᠳᠬᠡᠨ᠎ᠡ᠃ ᠴᠢᠨᠠᠷ ᠰᠠᠶᠢᠲᠠᠶ ᠬᠥᠭᠵᠢᠯᠲᠡ ᠶᠢᠨ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢ | ᠬᠦᠬᠡᠬᠡᠴᠡᠯᠳᠦᠨ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠬᠤᠶᠠᠷ | ᠤᠯᠤᠰ ᠤᠨ ᠬᠡᠯᠡᠯᠴᠡᠭᠡᠷ ᠢ ᠬᠦᠴᠦᠨ ᠲᠠᠢ ᠪᠣᠯᠭᠠᠬᠤ᠂ ᠭᠤᠷᠪᠠᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ | ᠪᠠᠶᠢᠭᠤᠯᠬᠤ᠂ ᠣᠨᠴᠠᠭᠠᠶ ᠲᠥᠷᠥ ᠶᠢᠨ ᠪᠣᠳᠣᠯᠭ᠎ᠠ ᠣᠯᠭᠤᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ | ᠂ ᠭᠤᠣᠯᠯᠠᠬᠤ ᠳᠣᠭᠤᠷᠢᠭ ᠤᠨ ᠪᠠᠶᠢᠴᠠᠭᠠᠨ ᠰᠢᠯᠭᠠᠬᠤ ᠠᠰᠠᠷ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠣᠨ ᠤ ᠡᠭᠦᠷᠭᠡ ᠶᠢ ᠪᠡᠶᠡᠯᠡᠭᠦᠯᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠠᠸᠠᠷ ᠢ | ᠭᠠᠳᠠᠭᠠᠳᠤ ᠠᠴᠠ ᠣᠷᠣᠭᠤᠯᠵᠣ ᠰᠠᠭᠤᠷᠢᠰᠢᠭᠤᠯᠤᠨ ᠡᠳ᠋ᠰᠢᠭᠦᠯᠬᠦ ᠳᠣᠷᠰᠢᠯᠳᠠ ᠶᠢᠨ ᠴᠡᠭ ᠤᠨ ᠠᠵᠢᠯ ᠢ ᠲᠦᠷᠭᠡᠳᠬᠡᠨ | ᠠᠬᠢᠭᠤᠯᠵᠤ᠂ ᠮᠣᠩᠭᠤᠯ ᠣᠷᠣᠰ ᠤᠨ ᠨᠣᠤᠰᠣ ᠨᠣᠣᠯᠤᠷ᠂ ᠠᠮᠤ ᠪᠤᠳᠠᠭ᠎ᠠ ᠵᠡᠷᠭᠡ ᠬᠠᠷᠢᠯᠴᠠᠨ ᠠᠷᠠᠯᠵᠢᠶᠠᠯᠠᠬᠤ ᠪᠠᠷᠠᠭ᠎ᠠ | ᠶᠢ ᠣᠷᠣᠭᠤᠯᠵᠣ ᠰᠠᠭᠤᠷᠢᠰᠢᠭᠤᠯᠤᠨ ᠡᠳ᠋ᠰᠢᠭᠦᠯᠬᠦ ᠶᠢ ᠲᠦᠷᠭᠡᠬᠡᠨ ᠪᠡᠶᠡᠯᠡᠭᠦᠯᠦᠨ᠎ᠡ᠃ ᠬᠢᠯᠢ ᠶᠢᠨ ᠠᠵᠣ ᠠᠬᠤᠢ ᠶᠢᠨ | ᠬᠠᠮᠳᠣᠷᠠᠯᠴᠠᠭᠠᠨ ᠤ ᠳᠣᠭᠤᠷᠢᠭ ᠤᠨ ᠡᠯ᠎ᠡ ᠲᠥᠷᠥᠯ ᠤᠨ ᠴᠢᠳᠠᠮᠵᠢ ᠶᠢ ᠲᠡᠭᠦᠯᠳᠡᠷᠵᠢᠭᠦᠯᠵᠦ᠂ ᠰᠠᠭᠤᠷᠢ | ᠲᠦᠭᠦᠭᠡᠷᠦᠮᠵᠢ ᠪᠣᠯᠤᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠪᠣᠰᠬᠠᠬᠤ ᠬᠦᠷᠢᠶᠡᠯᠡᠩ ᠢ | ᠪᠠᠶᠢᠭᠤᠯᠵᠦ ᠠᠰᠢᠭᠯᠠᠯᠲᠠ ᠳᠤ ᠣᠷᠣᠭᠤᠯᠬᠤ ᠶᠢ ᠪᠠᠳᠣᠯᠠᠨ᠎ᠠ᠃ ᠭᠠᠳᠠᠭᠠᠳᠦ ᠳᠤ ᠪᠠᠨ ᠨᠡᠬᠡᠬᠡᠯᠳᠠ ᠬᠢᠵᠣ | ᠳᠣᠲᠣᠭᠠᠳᠤ ᠳᠠᠭᠠᠨ ᠬᠤᠯᠪᠣᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠣᠩᠭᠤᠯ ᠣᠷᠣᠰ ᠤᠨ ᠬᠤᠯᠪᠣᠭᠳᠠᠯ | ᠪᠦᠬᠦᠢ ᠭᠠᠵᠠᠷ ᠣᠷᠣᠨ ᠲᠠᠢ ᠨᠥᠬᠦᠷᠰᠡᠭ ᠬᠤᠲᠠ ᠶᠢᠨ ᠬᠠᠷᠢᠴᠠᠭ᠎ᠠ ᠪᠠᠨ ᠪᠠᠬᠢᠵᠢᠬᠦᠯᠦᠨ᠎ᠡ᠃ ᠤᠯᠠᠭᠠᠨᠴᠠᠪ ᠬᠤᠲᠠ | ᠲᠠᠢ ᠠᠭᠤᠷᠬᠠᠢ ᠶᠢᠨ ᠭᠠᠷᠤᠯᠲᠠ᠂ ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠵᠦ ᠡᠳ᠋ᠰᠢᠭᠦᠯᠬᠦ ᠵᠡᠷᠭᠡ ᠠᠵᠤ | ᠦᠢᠯᠡᠰ ᠤᠨ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ ᠪᠣᠭᠤᠮᠲᠠ ᠶᠢᠨ ᠠᠵᠤ ᠠᠬᠤᠶ ᠳᠤ ᠭᠦᠨᠵᠡᠭᠡᠶ | ᠠᠭᠤᠰᠣᠯᠴᠠᠭᠤᠯᠣᠨ᠎ᠠ᠃ ᠤᠯᠤᠰ ᠤᠨ ᠲᠡᠰ ᠤᠨ ᠵᠠᠰᠠᠮᠠᠯ ᠵᠠᠮ ᠤᠨ 331 ᠱᠣᠭᠤᠮ ᠤᠨ ᠡᠷᠢᠶᠡᠨ ᠠᠴᠠ ᠠᠶᠢᠷᠠᠭ | ᠬᠡᠶᠢᠳ ᠬᠦᠷᠬᠦ ᠬᠡᠰᠡᠭ᠂ ᠡᠷᠢᠶᠡᠨ— ᠭᠤᠸᠠᠩᠵᠸᠦ ᠴᠢᠭᠯᠡᠯ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ | ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠳᠣᠰ ᠣᠨ ᠤ ᠪᠡᠯᠡ ᠣᠷᠣᠭᠤᠯᠤᠯᠲᠠ ᠶᠢᠨ | ᠡᠭᠦᠷᠭᠡ ᠶᠢ ᠪᠡᠶᠡᠯᠡᠭᠦᠯᠦᠨ᠎ᠡ᠃ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠭᠠᠳᠠᠭᠠᠳᠤ ᠳᠤ ᠨᠡᠭᠡᠭᠡᠯᠲᠡ | ᠬᠢᠬᠦ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ | ᠠᠬᠢᠭᠤᠯᠤᠨ᠎ᠠ᠃ ᠣᠯᠠᠨ ᠤᠯᠤᠰ ᠤᠨ ᠠᠷᠠᠯᠵᠢᠶ᠎ᠠ ᠪᠠ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠲᠡᠮᠦᠷ ᠤᠨ ᠬᠦᠳᠡᠷ᠂ ᠮᠣᠳᠣᠨ ᠮᠠᠲ᠋ᠧᠷᠢᠶᠠᠯ᠂ ᠠᠮᠤ ᠲᠣᠰᠣ | ᠵᠡᠷᠭᠡ ᠶᠡᠭᠡ ᠬᠡᠮᠵᠢᠶᠡᠨ ᠤ ᠲᠠᠸᠠᠷ ᠢ ᠭᠠᠳᠠᠭᠠᠳᠣ ᠠᠴᠠ ᠣᠷᠣᠭᠤᠯᠬᠤ ᠬᠡᠮᠵᠢᠶ᠎ᠡ ᠶᠢ ᠲᠣᠭᠲᠠᠪᠤᠷᠢᠵᠢᠭᠤᠯᠵᠤ᠂ | ᠪᠠᠷᠢᠯᠭ᠎ᠠ ᠶᠢᠨ ᠮᠠᠲ᠋ᠧᠷᠢᠶᠠᠯ᠂ ᠵᠢᠮᠢᠰ ᠨᠣᠭᠤᠭ᠎ᠠ᠂ ᠡᠳᠦᠷ ᠲᠤᠲᠤᠮ ᠤᠨ ᠬᠡᠷᠡᠭᠰᠡᠯ ᠵᠡᠷᠭᠡ ᠶᠢᠨ ᠭᠠᠳᠠᠭᠠᠳᠤ ᠳᠤ | ᠭᠠᠷᠭᠠᠬᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ | ᠪᠠᠷᠠᠭ᠎ᠠ ᠳᠡᠭᠡᠭᠡᠪᠦᠷᠢ ᠶᠢᠨ ᠬᠡᠮᠵᠢᠶ᠎ᠡ ᠶᠢ 2000 ᠲᠦᠮᠡᠨ ᠲᠣᠨ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ | ᠮᠣᠩᠭᠤᠯ ᠤᠯᠤᠰ ᠤᠨ ᠠᠮᠢᠳᠤ ᠬᠤᠨᠢ ᠶᠢ ᠬᠢᠯᠢ ᠪᠠᠷ ᠣᠷᠣᠭᠤᠯᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ | ᠂ ᠣᠯᠣᠰ ᠤᠨ ᠳᠡᠰ ᠤᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶᠠᠨ ᠤ ᠠᠷᠭ᠎ᠠ ᠮᠠᠶ᠋ᠢᠭ ᠤᠨ ᠲᠤᠷᠰᠢᠯᠲᠠ | ᠶᠢᠨ ᠴᠡᠭ ᠤᠨ ᠵᠦᠪᠰᠢᠶᠡᠷᠡᠯ ᠢ ᠣᠯᠬᠤ ᠪᠠᠷ ᠬᠦᠬᠡᠬᠡᠴᠡᠯᠳᠦᠨᠡ᠃ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ | ᠵᠠᠭᠪᠤᠷ ᠲᠤ ᠰᠢᠨ᠎ᠡ ᠶᠢ ᠡᠭᠦᠳᠴᠦ᠂ ᠣᠲᠣ ᠪᠠᠶᠢᠭ᠎ᠠ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠬᠥᠲᠥᠯᠦᠨ ᠵᠢᠯᠣᠭᠤᠳᠴᠤ᠂ ︽ᠢᠨᠲ᠋ᠧᠷ ᠰᠦᠯᠵᠢᠶ᠎ᠡ + ᠬᠢᠯᠢ ᠶᠢᠨ ᠠᠷᠠᠯᠵᠢᠶ᠎ᠠ︾ ᠶᠢᠨ ᠰᠢᠨ᠎ᠡ | ᠲᠦᠯᠦᠪ ᠪᠠᠶᠢᠳᠠᠯ ᠢ ᠪᠣᠶᠢᠵᠢᠭᠤᠯᠣᠨ ᠬᠦᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠣᠯᠪᠠᠰᠣᠷᠠᠭᠤᠯᠬᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ | ︽ᠲᠤᠰᠠᠯᠠᠨ ᠪᠠᠲᠤᠯᠠᠬᠤ ᠵᠢᠭᠡᠯᠡᠯᠭᠡ︾᠂ ︽ᠬᠢᠯᠢ ᠶᠢᠨ ᠠᠷᠠᠯᠵᠢᠶᠠᠨ ᠤ e ᠵᠢᠭᠡᠯᠡᠯᠭᠡ︾ ᠵᠡᠷᠭᠡ ᠮᠥᠩᠭᠦᠨ | ᠬᠦᠢᠯᠭᠡᠭᠡᠨ ᠤ ᠪᠦᠲᠦᠭᠡᠭᠳᠡᠭᠦᠨ ᠢ ᠰᠠᠶᠢᠲᠤᠷ ᠬᠡᠷᠡᠭᠯᠡᠵᠦ᠂ ᠳᠡᠭᠡᠳᠦ ᠱᠠᠲᠤᠨ ᠤ ᠲᠤᠰᠬᠠᠶ ᠲᠦᠷᠦᠯ ᠤᠨ ᠳᠡᠳᠭᠦᠮᠵᠢ | ᠶᠢᠨ ᠮᠥᠩᠭᠦ ᠶᠢ ᠬᠦᠬᠡᠬᠡᠴᠡᠯᠳᠦᠨ᠂ ᠪᠣᠯᠪᠠᠰᠣᠷᠠᠭᠤᠯᠣᠨ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠳᠤ ᠪᠡᠯᠡ | ᠮᠥᠩᠭᠦ ᠶᠢᠨ ᠳᠡᠮᠵᠢᠯᠭᠡ ᠬᠠᠩᠭᠠᠨ᠎ᠠ᠃ ᠣᠳᠣ ᠪᠠᠶᠢᠭ᠎ᠠ ᠠᠮᠤ ᠲᠣᠰᠣᠨ ᠤ ᠠᠵᠤ ᠠᠬᠤᠶᠢᠯᠠᠯ ᠤᠨ ᠦᠢᠯᠡᠳᠪᠦᠷᠢᠯᠡᠯ | ᠤᠨ ᠬᠡᠪᠴᠢᠶ᠎ᠡ ᠪᠠᠨ ᠦᠷᠭᠡᠳᠭᠡᠨ᠂ ᠪᠡᠶ᠎ᠡ ᠪᠠᠨ ᠳᠠᠭᠠᠭᠠᠭᠰᠠᠨ ᠨᠡᠷᠡᠳᠦ ᠳᠡᠮᠳᠡᠭᠳᠦ ᠶᠢ ᠳᠣᠮᠣ ᠪᠣᠯᠭᠠᠨ | ᠬᠦᠴᠦᠷᠭᠡᠭᠵᠢᠭᠦᠯᠦᠨ᠎ᠡ᠃ ᠤᠰᠤ ᠬᠡᠷᠡᠭᠯᠡᠬᠦ ᠬᠡᠮᠵᠢᠶ᠎ᠡ ᠪᠠᠷ ᠠᠵᠣ ᠦᠢᠯᠡᠰ ᠢ ᠲᠣᠭᠲᠠᠭᠠᠬᠤ ᠵᠠᠷᠴᠢᠮ ᠢ ᠴᠢᠩᠭ᠎ᠠ | ᠵᠢᠷᠤᠮᠯᠠᠨ᠂ ᠲᠡᠮᠦᠷ ᠤᠨ ᠬᠦᠳᠡᠷ᠂ ᠬᠠᠶᠢᠯᠤᠭᠤᠷ ᠵᠣᠩᠰᠢ ᠵᠡᠷᠭᠡ ᠠᠭᠤᠷᠬᠠᠶ ᠶᠢᠨ ᠪᠦᠲᠦᠭᠡᠭᠳᠡᠭᠦᠨ ᠢ | ᠪᠣᠯᠪᠠᠰᠤᠷᠠᠭᠤᠯᠬᠤ ᠦᠢᠯᠡᠰ ᠢ ᠵᠣᠬᠢᠬᠤ ᠬᠡᠮᠵᠢᠶ᠎ᠡ ᠪᠠᠷ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠦᠢᠯᠡᠰ ᠢ | ᠣᠯᠠᠮ ᠨᠢᠭᠡ ᠠᠯᠬᠤᠮ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠪᠦᠯᠦᠭᠯᠡᠯ ᠢ ᠲᠦᠷᠭᠡᠪᠴᠢᠯᠡᠨ ᠪᠠᠶᠢᠭᠤᠯᠵᠤ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠦᠢᠯᠡᠰ ᠤᠨ | ᠭᠦᠨᠵᠡᠭᠡᠶ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠤᠯᠤᠰ ᠤᠨ ᠡᠬᠦᠳᠠ ᠦᠵᠡᠮᠵᠢ ᠶᠢᠨ ᠣᠷᠣᠨ ᠤ ᠳᠡᠰ | ᠳᠡᠪᠰᠢᠬᠦ ᠶᠢ ᠲᠦᠷᠭᠡᠳᠬᠡᠨ ᠠᠬᠢᠭᠤᠯᠵᠤ᠂ ᠰᠣᠶᠣᠯ ᠤᠬᠠᠭᠤᠯᠭ᠎ᠠ ᠶᠢᠨ ᠲᠥᠪ ᠢ ᠰᠡᠯᠪᠢᠨ ᠵᠠᠰᠠᠵᠤ ᠦᠬᠡᠷᠡᠴᠢᠯᠡᠨ | ᠰᠢᠨᠡᠴᠢᠯᠡᠬᠦ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠣᠭᠳᠠᠭᠤᠨ ᠢᠶᠠᠷ ᠲᠦᠯᠬᠢᠨ ᠠᠬᠢᠭᠤᠯᠣᠨ᠎ᠠ᠃ | ᠴᠡᠪᠡᠷ ᠡᠨᠧᠷᠭᠢ ᠶᠢᠨ ᠦᠢᠯᠡᠰ ᠢ ᠪᠣᠶᠢᠵᠢᠭᠤᠯᠣᠨ ᠬᠦᠴᠦᠷᠬᠡᠭᠵᠢᠭᠦᠯᠦᠨ᠎ᠡ᠃ ᠳᠠᠬᠢᠨ ᠰᠡᠷᠭᠦᠭᠡᠵᠣ ᠪᠣᠯᠬᠤ | ᠡᠨᠧᠷᠭᠢ ᠶᠢᠨ ᠪᠢᠴᠢᠯ ᠴᠠᠬᠢᠯᠭᠠᠨ ᠲᠣᠤᠷ ᠤᠨ ᠬᠡᠰᠡᠭ ᠲᠥᠷᠥᠯ ᠵᠦᠢᠯ ᠢ ᠪᠣᠳᠠᠳᠠᠢ ᠪᠠᠷ ᠡᠬᠢᠯᠡᠭᠦᠯᠬᠦ ᠪᠠᠷ ᠬᠦᠴᠦᠯᠡᠨ | ᠴᠢᠷᠮᠠᠶᠢᠨ᠎ᠠ᠃ ᠣᠯᠠᠨ ᠤᠯᠤᠰ ᠤᠨ ᠪᠣᠬᠢᠷᠲᠤᠯ ᠦᠭᠡᠢ ᠲᠣᠭᠠᠴᠢᠯᠠᠭᠰᠠᠨ ᠭᠠᠷᠠᠮ ᠤᠨ ᠵᠠᠯᠭᠠᠮᠵᠢ ᠲᠥᠷᠥᠯ ᠵᠦᠢᠯ ᠤᠨ | ᠪᠦᠲᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠵᠤ᠂ ᠶᠡᠭᠡ ᠳ᠋ᠠᠶᠢᠲ᠋ᠠ᠂ ᠡᠭᠦᠯᠡᠨ ᠪᠣᠳᠣᠯᠲᠠ ᠶᠢᠨ ᠠᠵᠤ ᠦᠢᠯᠡᠰ ᠢ | ᠲᠦᠷᠭᠡᠳᠬᠡᠨ ᠬᠥᠭᠵᠢᠭᠦᠯᠦᠨ᠎ᠡ᠃ | ︵ᠳᠦᠷᠪᠡ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠳᠣᠷ | ᠠᠳᠬᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠲᠦᠪᠰᠢᠨ ᠢ ᠦᠨᠡᠨᠬᠦ | ᠳᠡᠭᠡᠭᠰᠢᠯᠡᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ | ᠨᠠᠶᠢᠷᠠᠭᠤᠯᠤᠨ ᠳᠠᠭᠤᠰᠬᠠᠵᠣ᠂ ᠬᠤᠲᠠ ᠶᠢᠨ ᠨᠡᠭᠡᠭᠡᠨ ᠬᠦᠭᠵᠢᠭᠦᠯᠬᠦ ᠵᠠᠭᠠᠭ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠵᠣ ᠪᠠᠶᠢᠭ᠎ᠠ ᠦᠷ᠎ᠡ | ᠪᠦᠲᠦᠭᠡᠯ ᠢ ᠪᠠᠬᠢᠵᠢᠭᠦᠯᠵᠦ᠂ ᠪᠦᠬᠦ ᠣᠯᠣᠰ ᠤᠨ ᠪᠣᠯᠪᠠᠰᠣᠨ ᠬᠤᠳᠠ ᠶᠢ ᠡᠭᠦᠳᠦᠨ ᠪᠠᠶᠢᠭᠤᠯᠬᠤ ᠠᠵᠢᠯ ᠢ | ᠦᠷᠭᠦᠯᠵᠢᠯᠡᠨ ᠠᠬᠢᠭᠤᠯᠵᠣ᠂ ᠡᠭᠦᠳᠦᠨ ᠪᠠᠶᠢᠭᠤᠯᠬᠤ ᠠᠵᠢᠯ ᠤᠨ ᠣᠶᠢᠯᠠᠭᠠᠭᠳᠠᠬᠤᠨ᠂ ᠳᠣᠭᠳᠠᠯᠴᠠᠭ᠎ᠠ ᠪᠠ ᠠᠷᠭ᠎ᠠ | ᠪᠠᠷᠢᠯ ᠢ ᠪᠠᠷᠢᠮᠳᠠᠯᠠᠨ ᠳᠡᠭᠦᠯᠳᠡᠷᠵᠢᠭᠦᠯᠵᠣ᠂ ᠬᠤᠲᠠ ᠶᠢᠨ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠣᠨ᠂ ᠬᠤᠲᠠ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ | ᠦᠮᠴᠢᠯᠡᠯ ᠤᠨ ᠡᠷᠬᠡ ᠶᠢᠨ ᠭᠡᠷᠡᠴᠢ ᠦᠨᠡᠮᠯᠡᠯ ᠤᠨ ᠦᠯᠡᠳᠡᠭᠳᠡᠯ ᠠᠰᠠᠭᠤᠳᠠᠯ ᠢ ᠲᠦᠷᠭᠡᠪᠴᠢᠯᠡᠨ ᠰᠢᠢᠳᠪᠣᠷᠢᠯᠡᠵᠦ᠂ | ᠣᠯᠠᠨ ᠳᠦᠮᠡᠨ ᠤ ᠬᠤᠪᠢ ᠪᠡᠶ᠎ᠡ ᠶᠢᠨ ᠠᠰᠢᠭ ᠳᠣᠰᠠ ᠶᠢ ᠰᠠᠶᠢᠳᠣᠷ ᠬᠠᠮᠠᠭᠠᠯᠠᠨ᠎ᠠ᠃ ᠰᠢᠨ᠎ᠡ ᠮᠠᠯᠵᠢᠬᠤ ᠣᠷᠣᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠬᠤ ᠣᠷᠴᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠵᠣᠷᠯᠣᠩ ᠤᠨ ᠬᠤᠪᠢᠰᠬᠠᠯ | ᠪᠠ ᠣᠣᠭᠤᠬᠤ ᠣᠰᠣᠨ ᠤ ᠴᠢᠨᠠᠷ ᠢ ᠳᠡᠬᠡᠭᠰᠢᠯᠡᠬᠦᠯᠬᠦ ᠢᠨᠵᠧᠨᠧᠷᠢᠩ ᠢ ᠯᠠᠪᠳᠠᠭᠤᠨ ᠪᠠᠳᠣᠳᠠᠢ ᠰᠠᠶᠢᠳᠣᠷ ᠬᠢᠨ᠎ᠡ᠃ | ᠶᠠᠳᠠᠭᠤ ᠶᠢ ᠳᠡᠳᠬᠦᠬᠦ ᠪᠡᠯᠡ ᠮᠦᠩᠬᠦ ᠶᠢ ᠢᠳᠡᠪᠬᠢᠳᠠᠢ ᠬᠦᠬᠡᠬᠡᠴᠡᠯᠳᠦᠵᠣ᠂ ᠮᠠᠯᠵᠢᠬᠤ ᠣᠷᠣᠨ ᠤ ᠤ ᠰᠠᠭᠤᠷᠢ | ᠳᠦᠬᠦᠬᠡᠷᠦᠮᠵᠢ ᠶᠢᠨ ᠨᠦᠬᠦᠴᠡᠯ ᠢ ᠳᠠᠰᠣᠷᠠᠯᠳᠠ ᠦᠭᠡᠢ ᠳᠡᠬᠦᠯᠳᠡᠷᠵᠢᠬᠦᠯᠦᠨ᠎ᠡ᠃ | ︵ᠲᠠᠪᠤ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠤᠨ᠎ᠠ᠃ ᠠᠷᠭ᠎ᠠ ᠪᠦᠬᠦᠨ ᠢ | ᠰᠦᠪᠡᠭᠴᠢᠯᠡᠨ ᠠᠵᠢᠯ ᠣᠯᠭᠤᠯᠲᠠ ᠶᠢ ᠦᠷᠭᠡᠳᠭᠡᠨ᠎ᠡ᠃ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠣᠯᠠᠨ ᠠᠷᠭ᠎ᠠ ᠵᠠᠮ ᠢᠶᠠᠷ ᠠᠵᠢᠯ ᠣᠯᠭᠤᠯᠳᠠ ᠶᠢᠨ ᠠᠵᠢᠯ ᠤᠨ ᠪᠠᠶᠢᠷᠢ ᠶᠢ ᠴᠣᠭᠯᠠᠭᠤᠯᠣᠨ᠂ ᠶᠡᠭᠡ ᠳᠡᠭᠡᠳᠦ | ᠰᠤᠷᠭᠠᠭᠤᠯᠢ ᠳᠡᠭᠦᠰᠦᠭᠰᠡᠨ ᠣᠶᠣᠳᠠᠳ᠂ ᠬᠤᠲᠠ ᠤᠷᠤᠭᠰᠠᠨ ᠮᠠᠯᠴᠢᠨ ᠲᠠᠷᠢᠶᠠᠴᠢᠨ᠂ ᠴᠡᠷᠢᠭ ᠠᠴᠠ | ᠬᠠᠯᠠᠭᠳᠠᠭᠰᠠᠳ ᠵᠡᠷᠭᠡ ᠬᠥᠮᠦᠰ ᠤᠨ ᠬᠦᠢᠴᠡᠳ ᠠᠵᠢᠯ ᠣᠯᠬᠤ ᠶᠢ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠦᠷᠭᠦᠯᠵᠢᠯᠡᠨ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠪᠠᠳᠣᠯᠠᠭ᠎ᠠ ᠶᠢᠨ ᠬᠡᠷᠡᠭᠵᠢᠭᠦᠯᠬᠦ ᠠᠷᠭ᠎ᠠ︾ ᠶᠢ ᠳᠣᠭᠳᠠᠭᠠᠨ ᠬᠡᠷᠡᠭᠵᠢᠭᠦᠯᠵᠣ᠂ ᠬᠤᠳᠠ | ᠬᠦᠳᠡᠭᠡ ᠶᠢᠨ ᠨᠠᠰᠣᠵᠢᠯ ᠤᠨ ᠳᠠᠭᠠᠳᠬᠠᠯ ᠤᠨ ᠠᠵᠢᠯ ᠢ ᠳᠣᠭᠳᠠᠭᠤᠨ ᠢᠶᠠᠷ ᠲᠦᠯᠬᠢᠨ ᠠᠬᠢᠭᠤᠯᠣᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠠᠪᠤᠨ ᠪᠠᠳᠣᠯᠠᠭᠠᠳᠣ︾ | ᠬᠦᠮᠦᠰ᠂ ︽ᠭᠤᠷᠪᠠᠨ ᠦᠭᠡᠢ︾ ᠬᠥᠮᠦᠰ ᠵᠡᠷᠭᠡ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ | ᠪᠦᠳᠦᠮᠵᠢᠳᠠᠢ ᠪᠠᠲᠤᠯᠠᠨ᠎ᠠ᠃ ᠨᠡᠶᠢᠭᠡᠮ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠠᠵᠢᠯ | ᠦᠢᠯᠡᠰ ᠤᠨ ᠨᠢᠭᠡᠴᠡ ᠶᠢᠨ ᠱᠠᠩᠨᠠᠯ ᠤᠨ ᠴᠢᠨᠠᠷᠲᠠᠶ ᠠᠵᠢᠯ ᠤᠨ ᠪᠦᠲᠦᠮᠵᠢ ᠶᠢᠨ ᠴᠠᠯᠢᠩ ᠢ ᠨᠠᠶᠢᠳᠠᠪᠣᠷᠢᠵᠢᠭᠤᠯᠬᠤ᠂ | ᠮᠡᠷᠭᠡᠵᠢᠯ ᠤᠨ ᠴᠣᠯᠠ ᠦᠨᠡᠯᠡᠬᠦ ᠪᠠ ᠣᠷᠢᠨ ᠡᠯᠰᠡᠬᠦ ᠵᠡᠷᠭᠡ ᠠᠷᠭ᠎ᠠ ᠪᠣᠳᠣᠯᠭ᠎ᠠ ᠶᠢ ᠰᠠᠶᠢᠵᠢᠷᠠᠭᠤᠯᠵᠦ᠂ ᠣᠯᠠᠨ | ᠤᠯᠤᠰ ᠤᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠶᠢ ᠵᠣᠬᠢᠶᠠᠨ ᠪᠠᠶᠢᠭᠤᠯᠵᠦ | ᠭᠤᠶᠣᠴᠢᠯᠠᠨ᠂ ᠠᠷᠠᠳ ᠳᠦᠮᠡᠨ ᠤ ᠰᠠᠳᠬᠢᠯ ᠬᠠᠨᠣᠮᠵᠢᠳᠠᠢ ᠰᠣᠷᠭᠠᠨ ᠬᠦᠮᠦᠵᠢᠯ ᠢ ᠰᠠᠶᠢᠳᠣᠷ ᠡᠷᠬᠢᠯᠡᠬᠦ ᠶᠢ | ᠪᠠᠷᠢᠮᠳᠠᠯᠠᠨ᠎ᠠ᠃ ᠬᠤᠳᠠ ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ | ᠭᠤᠣᠯᠳᠠᠯᠭ᠎ᠠ ᠲᠠᠢ ᠳᠣᠰᠬᠠᠢ ᠰᠠᠯᠠᠭ᠎ᠠ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠣᠨ᠎ᠠ᠃ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ | ᠡᠭᠦᠷᠭᠡ ᠶᠢ ᠪᠡᠶᠡᠯᠡᠭᠦᠯᠦᠨ᠎ᠡ᠃ ︽ᠠᠮᠣᠷ ᠳᠠᠶᠢᠪᠣᠩ ᠡᠷᠢᠶᠡᠨ︾ ᠤ ᠪᠦᠲᠦᠭᠡᠨ ᠪᠠᠶᠢᠭᠤᠯᠣᠯᠳᠠ ᠶᠢ ᠯᠠᠪᠳᠠᠭᠤᠨ | ᠪᠠᠳᠣᠳᠠᠢ ᠠᠬᠢᠭᠤᠯᠣᠨ᠎ᠠ᠃ ︽ᠨᠡᠶᠢᠭᠡᠮ ᠲᠣᠭᠤᠷᠢᠭ ᠠᠴᠠ ᠠᠰᠠᠭᠤᠳᠠᠯ ᠢ ᠢᠯᠡᠷᠡᠬᠦᠯᠦᠨ ᠮᠡᠳᠡᠬᠦᠯᠪᠡᠯ᠂ ᠰᠠᠯᠠᠭ᠎ᠠ | ᠮᠥᠴᠢᠷ ᠠᠴᠠ ᠳᠠᠷᠣᠶᠢᠬᠠᠨ ᠰᠢᠢᠳᠪᠣᠷᠢᠯᠡᠬᠦ︾ ᠠᠵᠢᠯ ᠤᠨ ᠳᠣᠭᠳᠠᠴᠠ ᠶᠢ ᠭᠦᠨᠵᠡᠭᠡᠶᠢᠷᠡᠭᠦᠯᠵᠦ᠂ ᠨᠡᠶᠢᠭᠡᠮ | ᠲᠣᠭᠤᠷᠢᠭ ᠤᠨ ᠬᠡᠰᠡᠭᠴᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ︽ᠣᠶᠣᠨᠴᠢ ᠠᠮᠢᠳᠣᠷᠠᠯ︾ ᠤᠨ | ᠦᠢᠯᠡᠴᠢᠯᠡᠭᠡᠨ ᠤ ᠲᠦᠷᠦᠯ ᠵᠦᠢᠯ ᠢ ᠲᠦᠷᠬᠡᠳᠬᠡᠨ ᠠᠬᠢᠭᠤᠯᠣᠨ᠎ᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠣᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠳᠠᠭᠠᠨ ᠳᠠᠷᠣᠭᠳᠠᠵᠦ | ᠪᠠᠶᠢᠭ᠎ᠠ ᠬᠡᠷᠡᠭ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠵᠣ᠂ ︽ᠠᠮᠣᠷ ᠳᠠᠶᠢᠪᠣᠩ ᠡᠷᠢᠶᠡᠨ︾ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠣᠨ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ | ᠲᠤᠰᠬᠠᠶ ᠲᠡᠮᠡᠴᠡᠯ ᠢ ᠭᠦᠨᠵᠡᠭᠡᠶ ᠦᠷᠨᠢᠬᠦᠯᠵᠦ᠂ ᠬᠠᠦᠯᠢ ᠶᠢ ᠵᠦᠷᠢᠴᠡᠭᠰᠡᠨ ᠶᠠᠯᠠᠳᠣ ᠠᠵᠢᠯᠯᠠᠭ᠎ᠠ ᠳᠤ ᠬᠠᠦᠯᠢ ᠶᠣᠰᠣ | ᠪᠠᠷ ᠴᠣᠬᠢᠯᠳᠠ ᠦᠭᠴᠦ ᠴᠡᠭᠴᠡᠯᠡᠨ ᠵᠠᠰᠠᠨ᠎ᠠ᠃ ᠣᠯᠠᠨ ᠨᠡᠶᠢᠳᠡ ᠶᠢᠨ ᠠᠶᠣᠯ ᠦᠬᠡᠢ ᠶᠢᠨ ᠰᠢᠰᠲ᠋ᠧᠮ ᠤᠨ | ᠪᠠᠶᠢᠭᠤᠯᠣᠯᠳᠠ ᠶᠢ ᠴᠢᠩᠭᠠᠳᠬᠠᠵᠣ᠂ ᠶᠡᠷᠦᠩᠬᠡᠶᠢᠯᠡᠭᠰᠡᠨ ᠣᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠨ ᠭᠡᠨᠡᠳᠳᠡ ᠶᠢᠨ ᠬᠡᠷᠡᠭ ᠢ ᠰᠢᠢᠳᠪᠦᠷᠢᠯᠡᠬᠦ ᠴᠢᠳᠠᠪᠣᠷᠢ ᠪᠠᠨ ᠳᠡᠭᠡᠭᠰᠢᠯᠡᠭᠦᠯᠦᠨ᠎ᠡ᠃ ᠢᠳᠡᠭᠡᠨ ᠤ ᠠᠮᠤᠷ | ᠲᠦᠪᠰᠢᠨ ᠤ ᠮᠥᠷᠳᠡᠵᠦ ᠪᠣᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠲᠦᠮᠡᠨ ᠤ ︽ | ᠢᠳᠡᠭᠡᠨ ᠣᠮᠳᠠᠭᠠᠨ ᠤ ᠠᠮᠣᠷ ᠲᠦᠪᠰᠢᠨ︾ ᠢ ᠪᠠᠳᠣᠯᠠᠨ᠎ᠠ᠃ ᠠᠶᠤᠯ ᠦᠭᠡᠢ ᠦᠢᠯᠡᠳᠪᠣᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠳᠤ ᠬᠦᠨᠳᠦ ᠶᠡᠭᠡ ᠠᠶᠣᠯ ᠦᠬᠡᠢ ᠦᠢᠯᠡᠳᠪᠦᠷᠢᠯᠡᠯ ᠤᠨ ᠠᠳᠡᠯ ᠭᠠᠷᠬᠤ ᠦᠬᠡᠢ ᠪᠠᠶᠢᠬᠤ ᠶᠢ ᠪᠠᠳᠣᠯᠠᠨ᠎ᠠ᠃ | ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠢᠵᠢᠭ ᠤᠨ ᠪᠠᠶᠢᠳᠠᠯ ᠤᠨ ᠣᠷᠣᠵᠤ | ᠢᠷᠡᠬᠦ ᠶᠢ ᠴᠢᠩᠭ᠎ᠠ ᠰᠡᠷᠭᠡᠶᠢᠯᠡᠵᠦ᠂ ᠠᠮᠣᠷ ᠲᠦᠪᠰᠢᠨ ᠳᠣᠭᠳᠠᠭᠤᠨ ᠤ ᠬᠠᠯᠬᠠᠪᠴᠢ ᠶᠢ ᠡᠷᠡᠰ ᠪᠠᠲᠤ ᠪᠠᠬᠢᠵᠢᠬᠦᠯᠦᠨ᠎ᠡ | ᠃ | ᠭᠤᠷᠪᠠ᠂ ᠵᠠᠰᠠᠭ ᠤᠨ ᠣᠷᠳᠣᠨ ᠤ ᠠᠵᠢᠯ ᠢ ᠣᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠣᠨ᠎ᠠ | ᠡᠨᠡ ᠵᠢᠯ ᠪᠣᠯ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠬᠦ ᠲᠠᠯ᠎ᠠ ᠪᠠᠷ ᠠᠷᠭᠠᠴᠠᠭᠠᠨ᠂ ᠠᠵᠤ | ᠠᠬᠤᠶ ᠬᠦᠴᠢᠷ ᠢ ᠳᠣᠭᠤᠯᠣᠨ ᠪᠡᠷᠬᠡ ᠶᠢ ᠳᠠᠪᠠᠭᠰᠠᠨ ᠶᠡᠭᠡ ᠰᠢᠯᠭᠠᠯᠲᠠ ᠶᠢᠨ ᠵᠢᠯ ᠪᠣᠯᠣᠨ᠎ᠠ᠂ ᠵᠠᠰᠠᠭ ᠤᠨ | ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠵᠠᠩᠭᠢᠯᠠᠭ᠎ᠠ ᠨᠢ ᠨᠠᠮ ᠤᠨ ᠲᠥᠪ ᠬᠤᠷᠢᠶᠠᠨ ᠤ ᠴᠢᠭᠯᠡᠯᠳᠡ | ᠪᠣᠳᠣᠯᠭ᠎ᠠ ᠪᠠ ᠳᠡᠭᠡᠳᠣ ᠱᠠᠲᠤᠨ ᠤ ᠨᠠᠮ ᠤᠨ ᠬᠤᠷᠢᠶ᠎ᠠ᠂ ᠣᠨᠴᠠᠭᠠᠶᠢᠯᠠᠨ ᠬᠤᠲᠠ ᠶᠢᠨ ᠨᠠᠮ ᠤᠨ ᠬᠤᠷᠢᠶ᠎ᠠ ᠶᠢᠨ | ᠰᠢᠢᠳᠪᠦᠷᠢᠳᠣ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷ ᠳᠣᠣᠱᠯᠠᠭᠤᠯᠣᠨ ᠨᠠᠶᠢᠳᠠᠪᠣᠷᠢᠵᠢᠭᠤᠯᠬᠤ ᠶᠢ ᠬᠦᠨᠳᠦ | ᠴᠢᠬᠤᠯᠠ ᠣᠯᠣᠰ ᠲᠦᠷᠦ ᠶᠢᠨ ᠡᠭᠦᠷᠭᠡ ᠪᠣᠯᠭᠠᠨ ᠠᠳᠬᠤᠵᠣ᠂ ᠣᠯᠠᠨ ᠲᠦᠮᠡᠨ ᠢ ᠰᠡᠳᠬᠢᠯ ᠬᠠᠨᠤᠮᠵᠢᠲᠠᠶ | ᠪᠠᠶᠢᠯᠭᠠᠬᠤ ᠶᠢ ᠳᠡᠷᠢᠭᠦᠨ ᠬᠥᠭᠡᠭᠡᠴᠡᠯᠳᠦᠯ ᠢᠶᠠᠨ ᠪᠣᠯᠭᠠᠵᠤ᠂ ᠠᠰᠠᠭᠤᠳᠠᠯ ᠳᠤ ᠰᠢᠭᠤᠳ ᠬᠠᠨᠳᠣᠨ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠣ᠂ ᠠᠮᠵᠢᠯᠲᠠ ᠪᠦᠲᠦᠮᠵᠢ ᠭᠠᠷᠭᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠣ | ᠂ ᠪᠣᠳᠠᠳᠣ ᠠᠵᠢᠯ ᠤᠨ ᠳᠣᠮᠳᠠ ᠪᠠᠨ ᠳᠥᠷᠪᠡᠨ ︽ᠴᠢᠩᠭᠠᠳᠬᠠᠬᠤ︾ ᠶᠢ ᠲᠣᠪᠤᠶᠢᠮ᠎ᠠ ᠠᠳᠬᠤᠬᠤ ᠬᠡᠷᠡᠭᠲᠡᠶ᠄ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠳᠣᠬᠠᠢ ᠴᠢᠬᠤᠯᠠ | ᠶᠠᠷᠢᠶ᠎ᠠ ᠴᠢᠬᠤᠯᠠ ᠵᠢᠭᠠᠪᠣᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠣᠷᠢᠵᠢᠭᠤᠯᠵᠦ᠂ | ︽ᠲᠦᠷᠪᠡᠨ ᠣᠬᠠᠮᠰᠠᠷ︾ ᠢ ᠪᠠᠳᠣ ᠪᠠᠬᠢ ᠪᠣᠢ ᠪᠣᠯᠭᠠᠨ᠂ ︽ᠲᠦᠷᠪᠡᠨ ᠢᠳᠡᠭᠡᠯ︾ ᠢ ᠪᠠᠳᠣᠳᠬᠠᠵᠣ᠂ ︽ᠬᠤᠶᠠᠷ | ᠢ ᠬᠠᠮᠠᠭᠠᠯᠠᠬᠤ︾ ᠶᠢ ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠣᠬᠠᠮᠰᠠᠷ ᠠᠴᠠ ᠪᠠᠨ ᠬᠦᠯᠢᠶᠠᠨ᠂ | ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ︽ | ᠭᠤᠷᠪᠠᠨ ᠴᠢᠬᠤᠯᠠ ᠨᠢᠭᠡ ᠳᠣᠮᠣ︾ ᠬᠠᠮᠲᠤ ᠶᠢᠨ ᠰᠢᠢᠳᠪᠣᠷᠢᠳᠦ ᠪᠣᠳᠣᠯᠭ᠎ᠠ ᠳᠣᠭᠳᠠᠭᠠᠨ ᠬᠡᠷᠡᠭ ᠵᠦᠪᠯᠡᠬᠦ ᠠᠯᠬᠤᠮ | ᠶᠠᠪᠣᠴᠠ ᠪᠠ ᠳᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ | ᠰᠢᠢᠳᠪᠣᠷᠢᠳᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠣᠷᠢᠳᠦ ᠪᠣᠳᠣᠯᠭ᠎ᠠ ᠲᠣᠭᠲᠠᠭᠠᠬᠤ᠂ ᠰᠢᠨᠵᠢᠯᠡᠬᠦ | ᠤᠬᠠᠭᠠᠨᠴᠢ ᠪᠠᠷ ᠰᠢᠢᠳᠪᠣᠷᠢᠳᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠪᠣᠳᠠᠲᠠᠢ ᠶᠢ ᠡᠷᠬᠢᠮᠯᠡᠭᠰᠡᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠴᠢᠩᠭᠠᠳᠬᠠᠨ᠎ᠠ᠃ ︽ᠬᠠᠷᠢᠭᠤᠴᠠᠯᠭ᠎ᠠ | ᠡᠭᠦᠷᠭᠡᠯᠡᠬᠦ ᠪᠠᠷ ᠭᠤᠣᠯ ᠪᠣᠯᠭᠠᠵᠣ᠂ ᠪᠣᠳᠠᠳᠠᠢ ᠠᠵᠢᠯᠯᠠᠬᠤ ᠪᠠᠷ ᠦᠨᠳᠦᠰᠦ ᠪᠣᠯᠭᠠᠬᠤ︾ ᠵᠠᠰᠠᠭ ᠪᠠᠷᠢᠬᠤ | ᠣᠶᠢᠯᠠᠭᠠᠭᠳᠠᠬᠤᠨ ᠢ ᠪᠠᠷᠢᠮᠳᠠᠯᠠᠵᠦ᠂ ᠠᠵᠢᠯ ᠬᠢᠵᠦ ᠦᠢᠯᠡᠰ ᠪᠣᠰᠬᠠᠬᠤ ᠣᠷᠭᠢᠯᠤᠮ᠎ᠠ ᠰᠡᠳᠬᠢᠯᠭᠡ ᠪᠠᠨ ᠢᠮᠠᠭᠲᠠ | ᠪᠠᠳᠣᠯᠠᠨ᠂ ᠵᠣᠷᠢᠭᠳᠠᠢ ᠪᠠᠷ ᠬᠠᠳᠠᠭᠤᠵᠢᠯᠳᠠᠢ ᠳᠡᠮᠡᠴᠡᠨ ᠬᠦᠴᠢᠷ ᠪᠡᠷᠭᠡ ᠶᠢ ᠢᠯᠠᠨ ᠳᠠᠪᠠᠭ᠋ᠣ ᠬᠡᠷᠡᠭᠳᠠᠢ᠃ ᠣᠯᠠᠨ | ᠲᠦᠮᠡᠨ ᠤ ᠰᠠᠨᠠᠭᠠᠰᠢᠷᠡᠵᠦ ᠪᠠᠶᠢᠭ᠎ᠠ ᠬᠠᠯᠠᠮ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠣᠯ ᠳᠠᠯᠪᠢᠵᠦ᠂ ᠪᠣᠳᠠᠳᠦ | ᠪᠠᠶᠢᠳᠠᠯ ᠢ ᠣᠶᠢᠯᠠᠭᠠᠵᠦ᠂ ᠪᠦᠳᠦᠮᠵᠢᠳᠠᠢ ᠠᠷᠭ᠎ᠠ ᠭᠠᠷᠭᠠᠨ᠂ ᠪᠣᠳᠠᠳᠠᠢ ᠠᠵᠢᠯ ᠬᠢᠵᠣ᠂ ᠪᠣᠳᠠᠳᠣ ᠦᠷ᠎ᠡ ᠠᠰᠢᠭ ᠢ | ᠬᠦᠬᠡᠬᠡᠴᠡᠯᠳᠦᠨ᠂ ᠣᠯᠠᠨ ᠳᠦᠮᠡᠨ ᠤ ᠰᠡᠳᠬᠢᠯ ᠳᠤ ᠬᠠᠨᠣᠮᠵᠢᠳᠠᠢ ᠦᠢᠯᠡᠴᠢᠯᠡᠭᠡᠨ ᠤ ᠴᠢᠨᠠᠷᠳᠠᠢ ᠵᠠᠰᠠᠭ ᠤᠨ | ᠣᠷᠳᠣᠨ ᠢ ᠪᠠᠶᠢᠭᠤᠯᠣᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ | ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠲᠥᠪ ᠤᠨ ᠨᠠᠢᠮᠠᠨ ᠵᠣᠷᠪᠣᠰ ᠲᠣᠭᠲᠠᠭᠠᠯ ᠪᠣᠯᠤᠨ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠡᠰᠡᠷᠭᠦᠴᠡᠨ᠎ᠡ᠃ ᠬᠢᠨᠠᠨ ᠪᠣᠳᠣᠯᠳᠠ ᠶᠢᠨ ᠬᠢᠨᠠᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ | ᠬᠦᠷᠢᠶ᠎ᠡ᠂ ᠴᠢᠬᠤᠯᠠ ᠠᠵᠢᠯ ᠤᠨ ᠪᠠᠶᠢᠷᠢ ᠶᠢᠨ ᠡᠷᠬᠡ ᠶᠢᠨ ᠬᠡᠷᠡᠭᠵᠢᠭᠦᠯᠦᠯᠳᠡ ᠳᠤ ᠬᠢᠨᠠᠯᠲᠠ ᠲᠠᠯᠪᠢᠬᠤ ᠪᠠ | ᠬᠢᠵᠠᠭᠠᠷᠯᠠᠬᠤ ᠶᠢ ᠴᠢᠩᠭᠠᠳᠬᠠᠨ᠎ᠠ᠃ | ᠪᠦᠬᠦᠳᠠ ᠣᠯᠠᠨ ᠢᠶᠠᠷ ᠢᠶᠠᠨ ᠰᠡᠳᠬᠢᠯ ᠨᠢᠭᠡᠳᠦᠨ ᠴᠢᠷᠮᠠᠶᠢᠨ ᠠᠵᠢᠯᠯᠠᠵᠣ᠂ ᠬᠦᠴᠢᠷ ᠪᠡᠷᠭᠡ ᠶᠢ ᠳᠠᠪᠠᠨ ᠳᠣᠭᠤᠯᠵᠣ | ᠡᠷᠡᠯᠬᠡᠭᠯᠡᠨ ᠣᠷᠣᠭᠰᠢᠯᠠᠶ᠎ᠠ︕ | ᠲᠥᠯᠥᠭᠡᠯᠡᠭᠴᠢᠳ ᠡ᠂ ᠪᠢᠳᠡ ᠨᠠᠷ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ | ᠤ ᠳᠣᠭᠤᠷᠢᠨ ᠳᠤ ᠨᠡᠩ ᠨᠢᠭᠳᠠᠷᠠᠨ ᠪᠦᠯᠬᠦᠮᠳᠡᠵᠣ᠂ ᠳᠡᠭᠡᠳᠣ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠰ ᠰᠢᠭᠤᠷᠬᠠᠶ ᠪᠠᠷ | ᠤᠷᠤᠭᠰᠢᠯᠠᠨ ᠳᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ ᠣᠶᠤᠨ ᠰᠠᠨᠠᠭᠠᠨ ᠤ ᠪᠠᠢᠳᠠᠯ ᠢᠶᠠᠷ᠂ ᠵᠠᠮ ᠨᠡᠭᠡᠭᠡᠨ | ᠰᠢᠨ᠎ᠡ ᠶᠢ ᠡᠭᠦᠳᠬᠦ᠂ ᠡᠷᠡᠯᠬᠡᠭᠯᠡᠨ ᠤᠷᠤᠭᠰᠢᠯᠠᠬᠤ ᠲᠡᠮᠡᠴᠡᠯ ᠤᠨ ᠳᠦᠷᠢ ᠪᠠᠶᠢᠳᠠᠯ ᠢᠶᠠᠷ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠴᠢᠩᠭ᠎ᠠ ᠠᠳᠬᠤᠨ ᠰᠢᠷᠭᠠᠭᠤ ᠠᠵᠢᠯᠯᠠᠵᠣ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠡᠶᠡᠯᠡᠭᠦᠯᠬᠦ ᠪᠠ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠦᠯᠦᠪᠵᠢᠬᠦᠯᠭᠡ ᠶᠢᠨ ᠬᠤᠣᠰ ᠠᠮᠵᠢᠯᠳᠠ ᠶᠢ | ᠪᠡᠶᠡᠯᠡᠬᠦᠯᠵᠦ᠂ ︽ᠠᠷᠪᠡᠨ ᠲᠦᠷᠪᠡᠳᠦᠬᠡᠷ ᠳᠠᠪᠣᠨ ᠵᠢᠯ︾ ᠤᠨ ᠳᠦᠯᠦᠪᠵᠢᠬᠦᠯᠭᠡ ᠳᠤ ᠰᠠᠶᠢᠨ ᠪᠠᠶᠢᠳᠠᠯ ᠢ ᠰᠡᠳᠣᠵᠣ᠂ | ᠰᠠᠶᠢᠨ ᠡᠬᠢᠯᠡᠯᠳᠡ ᠶᠢ ᠪᠣᠢ ᠪᠣᠯᠭᠠᠨ᠂ ᠪᠣᠭᠤᠮᠳᠠ ᠶᠢᠨ ᠠᠵᠦ ᠠᠬᠤᠢ ᠨᠡᠶᠢᠬᠡᠮ ᠤᠨ ᠳᠡᠬᠡᠳᠦ ᠴᠢᠨᠠᠷᠵᠢᠯᠳᠦ | ᠬᠦᠭᠵᠢᠯᠳᠠ ᠶᠢ ᠳᠦᠯᠬᠢᠨ ᠠᠬᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠪᠠᠨ ᠡᠷᠬᠦᠶ᠎ᠡ︕ | | |