ᠡᠷᠢᠶᠡᠨ ᠰᠡᠷᠭᠡᠶᠢᠯᠡᠨ ᠵᠢᠯᠣᠭᠤᠳᠬᠤ ᠳᠠᠷᠬᠠᠭᠠᠭᠰᠠᠨ〔2020〕31 ᠳ᠋ᠤᠭᠡᠷ ᠳᠣᠭᠠᠳᠣ | | | | | ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ | | | | | ᠡᠯ᠎ᠡ ᠬᠠᠮᠢᠶ᠎ᠠ ᠪᠦᠬᠦᠢ ᠨᠢᠭᠡᠴᠡ᠄ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠤᠨ ᠡᠯ᠎ᠡ ᠵᠦᠢᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠮᠠᠯᠵᠢᠬᠤ ᠣᠷᠣᠨ ᠳᠤ | ᠴᠠᠭ ᠲᠤᠬᠠᠶ ᠳᠤ ᠨᠢ ᠪᠦᠲᠦᠮᠵᠢᠲᠡᠶ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠵᠤ᠂ ᠮᠠᠯᠴᠢᠨ | ᠲᠦᠮᠡᠨ ᠤ ᠠᠮᠢ ᠨᠠᠰᠳ ᠤ ᠡᠷᠡᠭᠦᠯ ᠮᠡᠨᠳᠦ ᠠᠮᠤᠷ ᠲᠦᠪᠰᠢᠨ ᠪᠠ ᠮᠠᠯᠵᠢᠬᠤ ᠣᠷᠣᠨ ᠤ ᠦᠢᠯᠡᠳᠪᠣᠷᠢᠯᠡᠯ | ᠠᠮᠢᠳᠤᠷᠠᠯ ᠤᠨ ᠳᠣᠭᠳᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠳᠣᠯᠠᠳᠠ᠂ ᠮᠠᠯᠵᠢᠬᠤ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠶ ᠳᠣᠤᠷᠠᠬᠢ ᠮᠡᠳᠦ ᠮᠡᠳᠡᠭᠳᠡᠶ᠎ᠡ᠄ | ᠨᠢᠭᠡ᠂ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠤᠰᠬᠠᠶ ᠠᠩᠭᠢ ᠪᠠᠶᠢᠭᠤᠯᠤᠨ᠎ᠠ | ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ | ᠦᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠠᠴᠠ ᠮᠠᠯᠵᠢᠬᠤ ᠣᠷᠣᠨ ᠤ ᠬᠢᠵᠢᠭ ᠤᠨ | ᠪᠠᠶᠢᠳᠠᠯ ᠢ ᠰᠡᠷᠬᠡᠶᠢᠯᠡᠨ ᠬᠤᠷᠢᠭᠯᠠᠬᠤ ᠠᠵᠢᠯ ᠤᠨ ᠳᠤᠭᠤᠶᠢᠯᠠᠩ ᠪᠠᠶᠢᠭᠤᠯᠬᠤ ᠪᠠᠷ ᠰᠢᠢᠳᠪᠡ᠃ | ᠳᠤᠭᠤᠶᠢᠯᠠᠩ ᠤᠨ ᠳᠠᠷᠤᠭ᠎ᠠ᠄ | ᠠᠭᠤᠯᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ | ᠷᠧᠨ ᠵᠢᠶᠠᠨ ᠯᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠳ᠋ᠦᠩ ᠵᠢᠶᠧ ᠹᠧᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ | ᠪᠦᠷᠢᠯᠳᠦᠭᠦᠨ ᠭᠡᠰᠢᠭᠦᠨ᠄ | ᠸᠠᠩ ᠠᠶ ᠮᠢᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ | ᠬᠤᠤ ᠼᠦᠢ ᡁᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠵᠠᠩ ᠢᠦᠶ ᠴᠦᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠣᠯᠢ ᠴᠠᠭᠠᠵᠠ ᠶᠢᠨ ᠠᠵᠢᠯ ᠤᠨ ᠵᠦᠪᠯᠡᠯ ᠤᠨ ᠡᠷᠬᠢᠯᠡᠭᠴᠢ | ᠤᠷᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠦᠮᠦᠨ ᠤ ᠨᠦᠬᠡᠴᠡ ᠲᠦᠯᠦᠬᠡᠯᠡᠭᠴᠢ ᠰᠣᠩᠭᠤᠭᠤᠯᠢ ᠶᠢᠨ ᠠᠵᠢᠯ ᠤᠨ ᠵᠦᠪᠯᠡᠯ ᠤᠨ ᠡᠷᠬᠢᠯᠡᠭᠴᠢ | ᠴᠧᠨ ᠶᠠᠨ ᠵᠢᠶᠦ᠋ᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ | ᠲᠣᠪᠴᠢᠶᠠᠨ ᠤ ᠳᠠᠷᠤᠭ᠎ᠠ | ᠰᠦᠨ ᠰᠢᠨ ᠬᠤᠸᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ | ᠳᠠᠷᠤᠭ᠎ᠠ | ᠳᠠᠪᠬᠤᠷᠪᠠᠶᠠᠷ ᠬᠤᠲᠠ ᠶᠢᠨ ᠬᠡᠷᠡᠯᠳᠦᠠᠣᠳᠦ ᠰᠤᠮᠤᠨ ᠤ ᠨᠠᠮ ᠤᠨ ᠬᠤᠷᠢᠶᠠᠨ ᠤ ᠱᠦᠵᠢ | ᠲᠢᠶᠠᠨ ᠱᠠᠨ ᠬᠤᠲᠠ ᠶᠢᠨ ᠬᠡᠷᠡᠯᠳᠦᠠᠣᠳᠦ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠰᠤᠮᠤᠨ ᠳᠠᠷᠤᠭ᠎ᠠ | ᠪᠦᠦ ᠴᠢᠤᠸᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ | ᠡᠷᠬᠢᠯᠡᠭᠴᠢ | ᠰᠥᠸᠧ ᠮᠢᠨ ᠬᠤᠲᠠ ᠶᠢᠨ ᠠᠷᠠᠳ ᠤᠨ ᠶᠠᠪᠤᠳᠠᠯ ᠪᠠ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠣᠯᠳᠠ ᠶᠢᠨ ᠲᠣᠪᠴᠢᠶᠠᠨ ᠤ ᠳᠡᠳ᠋ ᠳᠠᠷᠤᠭ᠎ᠠ | ᠳ᠋ᠦᠩ ᡁᠢ ᠮᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠯᠦᠸᠧ ᠮᠢᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠶᠦᠩ ᠱᠧᠩ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠᠨ ᠤ ᠳᠡᠳ᠋ ᠳᠠᠷᠤᠭ᠎ᠠ | ᠸᠠᠩ ᠯᠢ ᠹᠧᠩ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠰᠦᠨ ᠬᠤᠩ ᠶᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠳᠠᠷᠤᠭ᠎ᠠ | ᠠᠵᠢᠯ ᠤᠨ ᠳᠤᠭᠤᠶᠢᠯᠠᠩ ᠨᠢ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ | ᠠᠵᠢᠯ ᠢ ᠲᠦᠯᠬᠢᠨ ᠠᠬᠢᠭᠤᠯᠵᠣ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢ | ᠬᠠᠷᠢᠭᠤᠴᠠᠵᠤ᠂ ᠰᠡᠷᠭᠡᠶᠢᠯᠡᠨ ᠬᠤᠷᠢᠭᠯᠠᠬᠤ ᠠᠵᠢᠯ ᠤᠨ ᠳᠤᠮᠳᠠ ᠢᠯᠡᠷᠡᠭᠰᠡᠨ ᠬᠦᠴᠢᠷᠳᠡᠯ ᠪᠠ ᠠᠰᠠᠭᠤᠳᠠᠯ ᠢ | ᠰᠤᠳᠤᠯᠤᠨ ᠰᠢᠢᠳᠪᠣᠷᠢᠯᠡᠵᠦ᠂ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠳᠣᠯᠠᠨ᠎ᠠ᠃ | ᠬᠤᠶᠠᠷ᠂ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ᠎ᠠ | ︽ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠢ | ᠪᠠᠷᠢᠮᠲᠠᠯᠠᠨ᠂ ᠬᠤᠳᠠ᠂ ᠰᠤᠮᠤ ᠪᠣᠯᠤᠨ ᠭᠠᠴᠠᠭ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠣ᠂ ᠡᠯ᠎ᠡ ᠰᠠᠯᠠᠭ᠎ᠠ ᠮᠥᠴᠢᠷ ᠤᠨ ᠪᠣᠳᠠᠲᠠᠶ ᠬᠠᠷᠢᠭᠤᠴᠠᠯᠭᠠᠳᠠᠨ | ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠳᠠᠶᠢᠵᠢᠭᠤᠯᠵᠣ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠭᠰᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠤᠷᠢᠭᠯᠠᠬᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠵᠣ᠂ ᠰᠡᠷᠭᠡᠶᠢᠯᠡᠨ ᠬᠤᠷᠢᠭᠯᠠᠬᠤ ᠠᠵᠢᠯ ᠢ ᠰᠢᠨᠵᠢᠯᠡᠬᠦ ᠤᠬᠠᠭᠠᠨᠴᠢ | ᠵᠢᠷᠣᠮᠵᠢᠯ ᠲᠠᠢ᠂ ᠨᠠᠷᠢᠨ ᠨᠢᠭᠲᠠ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠶ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠬᠤᠶᠠᠷ ᠵᠥᠪᠯᠡᠯ ᠪᠣᠯᠤᠨ ᠲᠣᠰᠬᠤᠨ ᠲᠤ | ᠰᠠᠭᠤᠭ᠎ᠠ ᠠᠵᠢᠯᠯᠠᠬᠤ ᠠᠩᠭᠢ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠵᠡᠷᠭᠡ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠰᠡᠭ ᠬᠤᠪᠢᠶᠠᠨ ᠳᠠᠭᠠᠭᠠᠴᠢᠯᠠᠬᠤ ᠡᠷᠦᠬᠡ | ᠬᠤᠪᠢᠶᠠᠨ ᠳᠠᠭᠠᠭᠠᠴᠢᠯᠠᠬᠤ᠂ ᠸᠢᠴᠠᠲ ᠪᠠᠷ ᠬᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠠᠯᠣᠰ ᠠᠴᠠ ᠵᠣᠬᠢᠶᠠᠨ | ᠪᠠᠶᠢᠭᠤᠯᠬᠤ᠂ ᠣᠶᠢᠷ᠎ᠠ ᠠᠴᠠ ᠬᠠᠮᠢᠶᠠᠷᠬᠤ ᠠᠵᠢᠯᠯᠠᠭᠠᠨ ᠤ ᠳᠣᠭᠳᠠᠴᠠ ᠶᠢ ᠪᠦᠷᠢᠯᠳᠦᠭᠦᠯᠵᠦ᠂ ᠮᠠᠯᠵᠢᠬᠤ ᠣᠷᠣᠨ ᠤ | ᠣᠯᠠᠨ ᠲᠦᠮᠡᠨ ᠢ ᠪᠦᠬᠦ ᠲᠠᠯ᠎ᠠ ᠪᠠᠷ ᠬᠠᠮᠤᠷᠴᠤ᠂ ᠮᠠᠯᠴᠢᠳ ᠢ ᠪᠦᠲᠦᠮᠵᠢᠳᠡᠢ ᠪᠦᠭᠡᠳ ᠡᠮᠬᠢ ᠵᠢᠷᠤᠮ ᠲᠠᠢ ᠪᠠᠷ | ᠵᠣᠬᠢᠶᠠᠨ ᠪᠠᠶᠢᠭᠤᠯᠣᠨ᠂ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠬᠤᠷᠢᠭᠯᠠᠬᠤ ᠠᠵᠢᠯ ᠤᠨ ᠬᠡᠪ | ᠪᠠᠶᠢᠳᠠᠯ ᠢ ᠪᠦᠷᠢᠯᠳᠦᠬᠦᠯᠬᠦ ᠶᠢ ᠪᠠᠲᠤᠯᠠᠬᠤ ᠬᠡᠷᠡᠭᠲᠡᠢ᠃ | ᠭᠤᠷᠪᠠ᠂ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠨ᠎ᠠ | ᠮᠠᠯᠵᠢᠬᠤ ᠣᠷᠣᠨ ᠤ ᠠᠵᠢᠯ ᠤᠨ ᠪᠣᠳᠠᠲᠤ ᠪᠠᠶᠢᠳᠠᠯ᠂ ᠢᠯᠠᠩᠭᠤᠶ᠎ᠠ ᠮᠠᠯᠵᠢᠬᠤ ᠡᠷᠦᠬᠡ ᠶᠢᠨ ᠲᠠᠷᠠᠬᠠᠶ | ᠪᠤᠲᠠᠷᠬᠠᠶ ᠰᠠᠭᠤᠷᠢᠰᠢᠵᠣ ᠪᠠᠶᠢᠭ᠎ᠠ ᠣᠨᠴᠠᠯᠢᠭ ᠲᠠᠢ ᠤᠶᠠᠯᠳᠤᠭᠤᠯᠤᠨ᠂ ᠤᠯᠠᠮᠵᠢᠯᠠᠯᠲᠤ ᠠᠵᠢᠯᠯᠠᠬᠤ ᠠᠷᠭ᠎ᠠ ᠮᠠᠶ᠋ᠢᠭ+ | ᠣᠳᠣ ᠦᠶ᠎ᠡ ᠶᠢᠨ ᠴᠢᠮᠡᠭᠡ ᠬᠤᠯᠪᠣᠭᠠᠨ ᠤ ᠠᠷᠭ᠎ᠠ ᠪᠠᠷᠢᠯ ᠢ ᠶᠡᠷᠦᠩᠬᠡᠶᠢᠯᠡᠨ᠂ ᠸᠢᠴᠠᠲ᠂ ᠰᠦᠯᠵᠢᠶ᠎ᠡ᠂ ᠷᠠᠳᠢᠣ᠋ | ᠨᠡᠪᠲᠡᠷᠡᠭᠦᠯᠭᠡ᠂ ᠲᠧᠯᠸᠢᠰ ᠵᠠᠭᠤᠴᠢᠯᠠᠭᠤᠷ ᠢ ᠠᠰᠢᠭᠯᠠᠨ᠂ ᠤᠲᠠᠰᠤ ᠪᠠᠷ ᠮᠡᠳᠡᠭᠳᠡᠬᠦ᠂ ᠭᠠᠷ ᠠᠪᠣᠯᠭ᠎ᠠ ᠲᠠᠷᠬᠠᠭᠠᠬᠤ᠂ | ᠤᠷᠢᠶ᠎ᠠ ᠯᠣᠽᠦ᠋ᠩ ᠡᠯᠭᠦᠬᠦ᠂ ᠭᠡᠷ ᠲᠤ ᠨᠢ ᠠᠶᠢᠯᠴᠢᠯᠠᠬᠤ ᠪᠠ ᠣᠬᠤᠷ ᠲᠦᠷᠰᠦ ᠰᠢᠩᠭᠡᠭᠡᠯᠳᠡ᠂ ᠦᠬᠡ ᠶᠢᠨ | ᠰᠢᠩᠬᠡᠬᠡᠯᠳᠠ ᠳᠠᠮᠵᠢᠭᠤᠯᠬᠤ ᠵᠡᠷᠭᠡ ᠠᠮᠢᠳᠤᠯᠢᠭ ᠪᠦᠭᠡᠳ ᠣᠯᠠᠨ ᠵᠦᠢᠯ ᠤᠨ ᠠᠷᠭ᠎ᠠ ᠮᠠᠶ᠋ᠢᠭ ᠢᠶᠠᠷ ᠰᠡᠷᠭᠡᠶᠢᠯᠡᠨ | ᠬᠤᠷᠢᠭᠯᠠᠬᠤ ᠮᠡᠳᠡᠯᠭᠡ ᠶᠢᠨ ᠣᠬᠠᠭᠤᠯᠭ᠎ᠠ᠂ ᠡᠮᠴᠢᠯᠡᠭᠡ ᠡᠷᠡᠭᠦᠯᠵᠢᠯ ᠤᠨ ᠬᠦᠮᠦᠵᠢᠯ᠂ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢᠨ ᠳᠠᠶᠢᠯᠣᠮᠵᠢ ᠵᠡᠷᠭᠡ ᠶᠢ ᠪᠦᠬᠦ ᠲᠠᠯ᠎ᠠ ᠪᠠᠷ ᠦᠷᠨᠢᠬᠦᠯᠵᠦ᠂ ᠮᠠᠯᠴᠢᠳ ᠲᠤ ᠬᠢᠵᠢᠭ ᠤᠨ ᠪᠠᠶᠢᠳᠠᠯ᠂ | ᠡᠪᠡᠳᠴᠢᠨ ᠡᠭᠦᠰᠬᠦ ᠣᠨᠴᠠᠯᠢᠭ᠂ ᠬᠠᠯᠳᠠᠪᠣᠷᠢᠯᠠᠬᠤ ᠵᠠᠮ ᠢ ᠬᠦᠢᠴᠡᠳ ᠳᠠᠨᠢᠭᠤᠯᠵᠦ᠂ ᠰᠡᠷᠭᠡᠶᠢᠯᠡᠬᠦ ᠤᠬᠠᠮᠰᠠᠷ ᠢ ᠨᠢ | ᠨᠡᠮᠡᠭᠳᠡᠭᠦᠯᠦᠨ᠂ ᠰᠡᠷᠭᠡᠶᠢᠯᠡᠨ ᠬᠠᠮᠠᠭᠠᠯᠠᠬᠤ ᠠᠷᠭ᠎ᠠ ᠳᠡᠮ ᠢ ᠡᠵᠡᠮᠰᠢᠭᠦᠯᠵᠦ᠂ ᠡᠮᠴᠢᠯᠡᠭᠦᠯᠦᠨ ᠵᠠᠰᠠᠭᠤᠯᠬᠤ ᠠᠯᠬᠤᠮ | ᠶᠠᠪᠣᠴᠠ ᠶᠢ ᠰᠠᠶᠢᠨ ᠣᠶᠢᠯᠠᠭᠠᠭᠤᠯᠵᠤ᠂ ᠡᠷᠦᠬᠡ ᠪᠣᠯᠭᠠᠨ ᠳᠤ ᠣᠶᠢᠯᠠᠭᠠᠭᠤᠯᠵᠣ᠂ ᠬᠥᠮᠦᠨ ᠪᠦᠬᠦᠨ ᠳᠤ | ᠮᠡᠳᠡᠭᠦᠯᠬᠦ ᠶᠢ ᠪᠠᠲᠤᠯᠠᠬᠤ ᠬᠡᠷᠡᠭᠲᠡᠶ᠃ ᠣᠨᠴᠠᠭᠠᠶᠢᠯᠠᠨ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ | ᠮᠠᠯᠴᠢᠳ ᠲᠤ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ ᠵᠡᠷᠭᠡ ᠡᠷᠡᠭᠦᠯ ᠮᠡᠨᠳᠦ ᠠᠮᠢᠳᠤᠷᠠᠯ ᠤᠨ ᠠᠷᠭ᠎ᠠ | ᠮᠠᠶ᠋ᠢᠭ ᠢ ᠪᠣᠢ ᠪᠣᠯᠭᠠᠬᠤ ᠶᠢ ᠬᠦᠮᠦᠵᠢᠭᠦᠯᠦᠨ ᠵᠢᠯᠣᠭᠤᠳᠴᠣ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ | ᠳᠣᠭᠤᠷᠢᠬᠤ ᠵᠡᠷᠭᠡ ᠬᠦᠮᠦᠨ ᠬᠠᠷ᠎ᠠ ᠶᠢᠨ ᠰᠢᠯᠵᠢᠯᠳᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠡᠯ᠎ᠡ | ᠵᠦᠢᠯ ᠤᠨ ᠴᠣᠭᠯᠠᠭᠠᠨ ᠤ ᠴᠢᠨᠠᠷᠲᠠᠢ ᠠᠵᠢᠯᠯᠠᠭ᠎ᠠ ᠳᠤ ᠣᠷᠣᠯᠴᠠᠬᠤ ᠦᠭᠡᠢ ᠪᠠᠶᠢᠬᠤ ᠬᠡᠷᠡᠭᠲᠡᠢ᠃ ᠶᠠᠷᠢᠶ᠎ᠠ | ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠵᠢᠴᠢ | ᠰᠡᠷᠭᠡᠶᠢᠯᠡᠨ ᠬᠤᠷᠢᠭᠯᠠᠬᠤ ᠠᠬᠢᠴᠠ ᠶᠢ ᠲᠦᠷᠭᠡᠨ ᠳᠠᠮᠵᠢᠭᠤᠯᠵᠤ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠪᠠ | ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠴᠠᠭ ᠲᠤᠬᠠᠶ ᠳᠤᠨᠢ ᠬᠠᠷᠢᠭᠤᠯᠳᠠ ᠥᠭᠴᠦ᠂ ᠴᠤᠤᠷᠬᠠᠯ ᠢ ᠢᠲᠡᠭᠡᠬᠦ | ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠠᠶᠣᠵᠦ ᠰᠠᠨᠳᠣᠷᠬᠤ ᠦᠭᠡᠢ ᠪᠠᠶᠢᠬᠤ᠂ ᠰᠢᠨᠵᠢᠯᠡᠬᠦ ᠣᠬᠠᠭᠠᠨᠴᠢ ᠪᠠᠷ | ᠠᠷᠭᠠᠴᠠᠭᠠᠬᠤ ᠶᠢ ᠣᠬᠠᠭᠤᠯᠣᠨ ᠬᠦᠮᠦᠵᠢᠬᠦᠯᠬᠦ ᠬᠡᠷᠡᠭᠳᠠᠢ᠃ | ᠳᠥᠷᠪᠡ᠂ ᠨᠤᠲᠤᠭ ᠲᠠᠭᠠᠨ ᠪᠤᠴᠠᠭᠰᠠᠨ᠂ ᠨᠡᠭᠦᠳᠡᠯ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ | ᠭᠠᠴᠠᠭ᠎ᠠ ᠪᠠᠷ ᠨᠢᠭᠡᠴᠢ ᠪᠣᠯᠭᠠᠨ ᠨᠤᠲᠤᠭ ᠲᠠᠭᠠᠨ ᠪᠤᠴᠠᠭᠰᠠᠨ᠂ ᠨᠡᠭᠦᠳᠡᠯ ᠬᠥᠮᠦᠰ ᠤᠨ | ᠲᠣᠤᠷᠵᠢᠭᠤᠯᠤᠭᠰᠠᠨ ᠬᠠᠮᠢᠶᠠᠷᠣᠯᠳᠠ ᠶᠢ ᠬᠡᠷᠡᠭᠵᠢᠭᠦᠯᠵᠦ᠂ ᠵᠢᠭᠰᠠᠭᠠᠨ ᠪᠠᠶᠢᠴᠠᠭᠠᠬᠤ᠂ ᠳᠠᠩᠰᠠᠯᠠᠬᠤ᠂ ᠳᠠᠭᠠᠵᠤ | ᠰᠤᠷᠪᠤᠯᠵᠢᠯᠠᠬᠤ᠂ ᠡᠷᠡᠭᠦᠯ ᠮᠡᠨᠳᠦ ᠶᠢ ᠬᠢᠨᠠᠨ ᠰᠢᠨᠵᠢᠬᠦ᠂ ᠬᠡᠷ ᠲᠡᠭᠡᠨ ᠰᠠᠭᠤᠵᠤ ᠠᠵᠢᠭᠯᠠᠬᠤ ᠵᠡᠷᠭᠡ ᠠᠷᠭ᠎ᠠ | ᠬᠡᠮᠵᠢᠶ᠎ᠡ ᠶᠢ ᠨᠠᠶᠢᠳᠠᠪᠣᠷᠢᠵᠢᠭᠤᠯᠣᠨ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠠᠯᠢ ᠴᠢᠳᠠᠬᠤ ᠪᠠᠷ | ᠪᠠᠭᠤᠷᠠᠭᠤᠯᠵᠤ᠂ ᠮᠠᠯᠵᠢᠬᠤ ᠣᠷᠣᠨ ᠤ ᠡᠨᠡ ᠬᠦ ︽ᠴᠡᠪᠡᠷ ᠬᠥᠷᠥᠰᠥ︾ ᠶᠢ ᠪᠥᠬᠦ ᠬᠦᠴᠦᠨ ᠢᠶᠠᠷ ᠢᠶᠠᠨ ᠰᠠᠬᠢᠨ | ᠬᠠᠮᠠᠭᠠᠯᠠᠨ᠎ᠠ᠃ ᠲᠦᠪᠯᠡᠷᠡᠵᠣ ᠰᠠᠭᠤᠷᠢᠰᠢᠭᠰᠠᠨ ᠭᠠᠴᠠᠭ᠎ᠠ ᠳᠤ ᠣᠷᠣᠵᠤ ᠭᠠᠷᠬᠤ ᠭᠠᠵᠠᠷ ᠢ ᠬᠢᠨᠠᠨ ᠬᠠᠷᠭᠤᠭᠤᠯᠵᠤ | ᠬᠠᠮᠢᠶᠠᠷᠬᠤ ᠶᠢ ᠬᠡᠷᠡᠭᠵᠢᠭᠦᠯᠵᠦ᠂ ᠭᠠᠴᠠᠭ᠎ᠠ ᠶᠢᠨ ᠬᠤᠶᠠᠷ ᠵᠥᠪᠯᠡᠯ ᠪᠣᠯᠤᠨ ᠰᠠᠶᠢᠨ ᠳᠣᠷᠠᠴᠣᠳ ᠢ ᠵᠣᠬᠢᠶᠠᠨ | ᠪᠠᠶᠢᠭᠤᠯᠤᠨ ᠡᠭᠡᠯᠵᠢᠯᠡᠨ ᠰᠠᠬᠢᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ | ᠰᠢᠯᠭᠠᠵᠤ᠂ ᠪᠠᠶᠢᠴᠠᠭᠠᠨ ᠳᠠᠩᠰᠠᠯᠠᠵᠣ᠂ ᠴᠢᠬᠤᠯᠠ ᠪᠤᠰᠤ ᠪᠠᠷ ᠠᠶᠢᠯ ᠬᠡᠰᠦᠭᠴᠢᠳ ᠢ ᠢᠳᠬᠠᠨ ᠪᠣᠴᠠᠭᠠᠬᠤ ᠬᠡᠷᠡᠭᠲᠡᠶ᠃ | ᠲᠠᠷᠠᠬᠠᠶ ᠪᠤᠲᠠᠷᠬᠠᠶ ᠰᠠᠭᠤᠷᠢᠰᠢᠭᠰᠠᠨ ᠮᠠᠯᠵᠢᠬᠤ ᠡᠷᠦᠬᠡ ᠶᠢ ᠭᠠᠴᠠᠭᠠᠨ ᠤ ᠬᠤᠶᠠᠷ ᠵᠥᠪᠯᠡᠯ ᠤᠨ ᠭᠡᠰᠢᠭᠦᠨ ᠪᠠ | ᠨᠠᠮ ᠤᠨ ᠭᠡᠰᠢᠭᠦᠨ ᠠᠴᠠ ᠡᠷᠦᠬᠡ ᠬᠤᠪᠢᠶᠠᠨ ᠬᠤᠯᠪᠣᠭᠠᠯᠠᠨ ᠬᠠᠮᠢᠶᠠᠷᠤᠨ ᠡᠵᠡᠮᠳᠡᠵᠦ᠂ ᠸᠢᠴᠠᠲ᠂ ᠤᠲᠠᠰᠤ ᠪᠠᠷ | ᠮᠠᠯᠴᠢᠳ ᠲᠤ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠶᠢ ᠢᠳᠬᠠᠨ ᠪᠣᠴᠠᠭᠠᠬᠤ ᠳᠣᠬᠠᠢ | ᠮᠡᠳᠡᠭᠳᠡᠬᠦ ᠬᠡᠷᠡᠭᠲᠡᠶ᠃ ᠵᠢᠭᠰᠠᠭᠠᠨ ᠪᠠᠶᠢᠴᠠᠭᠠᠵᠤ ᠭᠠᠷᠭᠠᠭᠰᠠᠨ ᠣᠷᠣᠨ ᠤ ᠭᠠᠳᠠᠨᠠᠬᠢ ᠵᠢᠴᠢ ᠬᠢᠵᠢᠭᠲᠦ ᠣᠷᠣᠨ ᠠᠴᠠ | ᠨᠤᠲᠤᠭ ᠲᠠᠭᠠᠨ ᠪᠤᠴᠠᠭᠰᠠᠨ ᠬᠥᠮᠦᠰ ᠢ ᠭᠠᠴᠠᠭᠠᠨ ᠤ ᠬᠤᠶᠠᠷ ᠵᠥᠪᠯᠡᠯ ᠠᠴᠠ ᠳᠣᠲᠣᠭᠠᠳᠤ ᠶᠢ ᠬᠠᠮᠠᠭᠠᠯᠠᠬᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠢ ᠬᠠᠮᠵᠢᠨ᠂ ᠬᠢᠨᠠᠨ ᠬᠠᠮᠢᠶᠠᠷᠬᠤ | ᠠᠵᠢᠯᠲᠠᠨ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠥᠪᠡᠷ ᠢ ᠪᠠᠨ ᠲᠤᠰᠠᠭᠠᠷᠯᠠᠬᠤ ᠵᠢᠴᠢ ᠪᠡᠶ᠎ᠡ ᠶᠢᠨ | ᠳᠤᠯᠠᠭᠠᠨ ᠢ ᠬᠢᠨᠠᠨ ᠬᠡᠮᠵᠢᠬᠦ ︽ᠡᠳᠦᠷ ᠤᠨ ᠮᠡᠳᠡᠭᠦᠯᠦᠯᠲᠡ︾ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠣ᠂ ᠬᠡᠷᠪᠡ | ᠬᠠᠯᠠᠭᠤᠷᠠᠬᠤ᠂ ᠲᠠᠮᠢᠷᠳᠠᠬᠤ᠂ ᠬᠠᠭᠤᠷᠠᠶ ᠪᠠᠷ ᠬᠠᠨᠢᠶᠠᠬᠤ ᠵᠡᠷᠭᠡ ᠬᠡᠪ ᠤᠨ ᠪᠤᠰᠤ ᠪᠠᠶᠢᠳᠠᠯ ᠭᠠᠷᠪᠠᠯ᠂ ᠬᠢᠨᠠᠨ | ᠬᠠᠮᠢᠶᠠᠷᠬᠤ ᠠᠵᠢᠯᠲᠠᠨ ᠴᠠᠭ ᠲᠤᠬᠠᠶ ᠳᠤᠨᠢ ᠬᠤᠲᠠ ᠶᠢᠨ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ᠂ ᠲᠦᠷᠢᠮᠵᠢᠭᠰᠡᠨ | ᠱᠠᠭᠠᠷᠳᠠᠯᠭ᠎ᠠ ᠶᠣᠰᠣᠭᠠᠷ ᠣᠨᠣᠰᠢᠯᠠᠵᠤ ᠰᠢᠭᠰᠢᠨ ᠪᠠᠶᠢᠴᠠᠭᠠᠵᠤ ᠡᠮᠨᠡᠨ ᠵᠠᠰᠠᠬᠤ ᠬᠡᠷᠡᠭᠲᠡᠶ᠃ ᠭᠠᠴᠠᠭᠠᠨ ᠤ ᠪᠤᠶᠢᠳᠠ | ᠪᠥᠭᠯᠡᠭᠦᠦ ᠣᠷᠣᠨ ᠤ ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠬᠥᠮᠦᠰ ᠢ ᠵᠢᠭᠰᠠᠭᠠᠨ ᠪᠠᠶᠢᠴᠠᠭᠠᠵᠣ ᠳᠡᠭᠡᠭᠰᠢ | ᠮᠡᠳᠡᠭᠦᠯᠬᠦ ᠠᠵᠢᠯ ᠢ ᠣᠨᠴᠠᠭᠠᠶᠢᠯᠠᠨ ᠠᠩᠬᠠᠷᠴᠤ᠂ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯᠲᠠᠨ᠂ ᠵᠠᠷᠤᠳᠠᠯ᠂ ᠡᠳ᠋ ᠪᠠᠷᠠᠭ᠎ᠠ ᠪᠣᠯᠤᠨ ᠴᠢᠬᠤᠯᠠ ᠪᠦᠬᠦᠢ ᠪᠡᠯᠡᠳᠬᠡᠮᠵᠢ ᠲᠥᠬᠦᠭᠡᠷᠦᠮᠵᠢ ᠵᠡᠷᠭᠡ | ᠬᠡᠷᠡᠭᠴᠡᠭᠡ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠢᠭᠡᠳᠦᠭᠡᠷ ᠹᠷᠣᠨᠲ ᠤᠨ ᠰᠡᠷᠭᠡᠶᠢᠯᠡᠨ | ᠡᠵᠡᠮᠳᠡᠬᠦ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠨ᠂ ᠪᠣᠯᠪᠠᠰᠣᠷᠠᠯ ᠵᠢᠭᠠᠨ | ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ᠃ ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠥᠴᠢᠷ ᠮᠠᠯᠵᠢᠬᠤ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ | ᠪᠠᠲᠤᠯᠠᠭ᠎ᠠ ᠶᠢ ᠴᠢᠩᠭᠠᠳᠬᠠᠵᠤ᠂ ᠨᠥᠬᠦᠴᠡᠯ ᠲᠠᠢ ᠭᠠᠴᠠᠭ᠎ᠠ ᠨᠢ ᠮᠠᠯᠵᠢᠬᠤ ᠡᠷᠦᠬᠡ ᠶᠢᠨ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠢ ᠬᠤᠳᠠᠯᠳᠤᠨ ᠠᠪᠬᠤ ᠳᠤ ᠲᠦᠯᠦᠪᠯᠡᠭᠡᠳᠦ ᠬᠠᠮᠢᠶᠠᠷᠤᠯᠲᠠ ᠶᠢ ᠬᠡᠷᠡᠭᠵᠢᠭᠦᠯᠵᠦ᠂ ᠭᠠᠴᠠᠭᠠᠨ ᠤ | ᠬᠤᠶᠠᠷ ᠵᠥᠪᠯᠡᠯ ᠠᠴᠠ ᠡᠳᠦᠷ ᠪᠦᠷᠢ ᠪᠦᠷᠢᠳᠬᠡᠵᠦ ᠳᠡᠭᠡᠭᠰᠢ ᠮᠡᠳᠡᠭᠦᠯᠵᠦ᠂ ᠲᠥᠪᠯᠡᠷᠡᠭᠦᠯᠦᠨ ᠣᠷᠣᠯᠠᠨ ᠬᠤᠳᠠᠯᠳᠤᠨ | ᠠᠪᠴᠤ ᠭᠡᠷ ᠲᠤ ᠨᠢ ᠬᠦᠷᠭᠡᠵᠣ᠂ ᠬᠥᠮᠦᠨ ᠬᠠᠷ᠎ᠠ ᠳᠡᠷᠭᠡ ᠬᠦᠰᠬᠡ ᠪᠠ ᠬᠦᠮᠦᠰ ᠤᠨ ᠬᠤᠭᠤᠷᠣᠨᠳᠣ ᠪᠠᠨ | ᠣᠶᠢᠷᠠᠳᠣᠨ ᠬᠦᠷᠦᠯᠴᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠢᠵᠢᠭ ᠤᠨ ᠨᠡᠪᠴᠢᠨ ᠣᠷᠣᠬᠤ ᠠᠷᠭ᠎ᠠ | ᠵᠠᠮ ᠢ ᠲᠠᠰᠤᠯᠬᠤ ᠬᠡᠷᠡᠭᠲᠡᠶ᠃ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ | ᠣᠷᠣᠨ ᠤ ᠣᠯᠠᠨ ᠨᠡᠶᠢᠲᠡ ᠶᠢᠨ ᠲᠠᠯᠠᠪᠤᠷ ᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠵᠤ᠂ ᠠᠯᠢᠪᠠ ᠣᠯᠠᠨ | ᠨᠡᠶᠢᠲᠡ ᠶᠢᠨ ᠠᠵᠢᠯᠯᠠᠭ᠎ᠠ ᠶᠢ ᠬᠦᠴᠦᠨ ᠥᠬᠡᠶ ᠪᠣᠯᠭᠠᠵᠤ᠂ ᠬᠦᠮᠦᠰ ᠤᠨ ᠴᠤᠭᠯᠠᠷᠠᠬᠤ ᠶᠢ ᠬᠤᠷᠢᠭᠯᠠᠨ᠂ ᠬᠦᠮᠦᠰ | ᠤᠨ ᠰᠢᠯᠵᠢᠯᠲᠡ ᠶᠢ ᠪᠠᠭᠠᠰᠬᠠᠬᠤ ᠬᠡᠷᠡᠭᠳᠡᠢ᠃ | ᠵᠢᠷᠭᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠢ ᠪᠦᠬᠦ ᠬᠦᠴᠦᠨ ᠢᠶᠠᠷ | ᠪᠠᠳᠣᠯᠠᠨ᠎ᠠ | ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ ᠠᠴᠠ ᠠᠵᠢᠯᠲᠠᠨ ᠢ | ᠵᠣᠬᠢᠶᠠᠨ ᠪᠠᠶᠢᠭᠤᠯᠤᠨ ᠳᠣᠬᠢᠷᠠᠭᠤᠯᠵᠣ᠂ ᠭᠠᠴᠠᠭᠠᠨ ᠤ ᠸᠢᠴᠠᠲ ᠬᠤᠯᠪᠣᠭ᠎ᠠ ᠶᠢ ᠬᠡᠰᠡᠭ ᠬᠤᠪᠢᠶᠠᠨ ᠵᠣᠯᠭᠠᠭᠤᠯᠵᠤ᠂ | ᠸᠢᠳᠢᠣ᠋᠂ ᠦᠬᠡ ᠶᠢᠨ ᠰᠢᠩᠭᠡᠭᠡᠯᠳᠡ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠥᠯ ᠲᠤᠰᠴᠤ ᠪᠤᠶᠢᠵᠢᠭᠤᠯᠬᠤ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠮᠡᠷᠭᠡᠵᠢᠯ ᠤᠨ ᠵᠢᠯᠣᠭᠤᠳᠣᠯᠭ᠎ᠠ ᠶᠢ ᠠᠯᠤᠰ ᠠᠴᠠ ᠥᠷᠨᠢᠭᠦᠯᠬᠦ ᠬᠡᠷᠡᠭᠲᠡᠶ᠃ ᠭᠡᠷᠡᠯᠳᠣᠠᠣᠳᠣ ᠰᠤᠮᠤ ᠠᠴᠠ ᠭᠠᠴᠠᠭᠠᠨ ᠤ | ᠬᠤᠶᠠᠷ ᠵᠥᠪᠯᠡᠯ ᠢ ᠵᠣᠬᠢᠶᠠᠨ ᠪᠠᠶᠢᠭᠤᠯᠤᠨ ᠮᠠᠯᠴᠢᠳ ᠤᠨ ᠡᠪᠡᠰᠦ ᠪᠣᠷᠳᠤᠭ᠎ᠠ ᠶᠢᠨ ᠦᠯᠡᠳᠡᠪᠦᠷᠢ ᠪᠠ ᠳᠣᠳᠠᠭᠳᠠᠵᠣ | ᠪᠠᠶᠢᠭ᠎ᠠ ᠪᠠᠶᠢᠳᠠᠯ ᠢ ᠮᠥᠷᠳᠡᠨ ᠡᠵᠡᠮᠰᠢᠵᠦ᠂ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠲᠣᠬᠢᠷᠠᠭᠤᠯᠤᠨ | ᠵᠥᠭᠡᠭᠡᠪᠦᠷᠢᠯᠡᠬᠦ ᠬᠡᠷᠡᠭᠲᠡᠶ︔ ᠲᠠᠷᠢᠶᠠᠯᠠᠩ ᠮᠠᠯ ᠠᠵᠤ ᠠᠬᠤᠶ ᠪᠣᠯᠤᠨ ᠤᠰᠤᠨ ᠤ ᠶᠠᠪᠤᠳᠠᠯ᠂ ᠡᠪᠡᠳᠴᠢᠨ ᠬᠢᠵᠢᠭ ᠢ | ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠳ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ | ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠶ ᠡᠪᠡᠳᠴᠢᠨ ᠵᠡᠷᠭᠡ ᠠᠮᠢᠲᠠᠨ ᠤ ᠬᠦᠨᠳᠦ | ᠶᠡᠭᠡ ᠬᠢᠵᠢᠭ ᠡᠪᠡᠳᠴᠢᠨ ᠪᠣᠯᠤᠨ ᠬᠥᠮᠦᠨ ᠮᠠᠯ ᠳᠤ ᠴᠥᠮ ᠬᠠᠯᠳᠠᠪᠣᠷᠢᠯᠠᠳᠠᠭ ᠡᠪᠡᠳᠴᠢᠨ ᠢ ᠬᠢᠨᠠᠨ ᠬᠡᠮᠵᠢᠬᠦ ᠪᠠᠨ | ᠴᠢᠩᠭᠠᠳᠬᠠᠵᠣ᠂ ᠬᠢᠵᠢᠭ ᠭᠠᠷᠣᠮᠠᠭᠴᠠ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠶᠠᠳᠠᠭᠤ ᠬᠦᠴᠢᠷᠳᠡᠯᠲᠡᠶ ᠡᠷᠦᠬᠡ ᠪᠠ ᠪᠤᠰᠤᠳ ᠬᠦᠴᠢᠷᠳᠡᠯᠲᠡᠶ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠨᠢᠭᠲᠠ ᠠᠩᠬᠠᠷᠴᠤ᠂ ᠪᠣᠳᠠᠲᠠᠶ ᠬᠦᠴᠢᠷᠳᠡᠯ ᠢ ᠴᠠᠭ ᠲᠤᠬᠠᠶ ᠳᠤᠨᠢ ᠬᠠᠪᠰᠤᠷᠤᠨ | ᠰᠢᠢᠳᠪᠦᠷᠢᠯᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠭᠠᠴᠠᠭ᠎ᠠ ᠶᠢᠨ ᠸᠢᠴᠠᠲ ᠬᠤᠯᠪᠣᠭ᠎ᠠ ᠪᠠᠷ ᠳᠠᠮᠵᠢᠭᠤᠯᠤᠨ᠂ ᠢᠯᠡᠴᠢᠯᠡᠨ ᠮᠡᠳᠡᠭᠦᠯᠬᠦ ᠣᠳᠠᠰᠣ ᠪᠠᠨ | ᠢᠯᠡ ᠪᠣᠯᠭᠠᠵᠤ᠂ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠬᠡᠭᠡᠷ᠎ᠡ ᠶᠢᠨ ᠠᠮᠢᠲᠠᠨ ᠢ ᠠᠩᠨᠠᠬᠤ ᠪᠠ | ᠠᠷᠠᠯᠵᠢᠶᠠᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | | | | | ᠡᠷᠢᠶᠡᠨ ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ | ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ | | 2020 ᠣᠨ ᠤ 2 ᠳ᠋ᠣᠭᠠᠷ ᠰᠠᠷ᠎ᠠ ᠶᠢᠨ 5 ᠤ ᠡᠳᠦᠷ | | |