| ᠮᠣᠩᠭᠤᠯ ᠤᠯᠤᠰ ᠤᠨ ᠬᠥᠬᠡᠬᠤᠲᠠ ᠳᠤ ᠰᠠᠭᠤᠭ᠎ᠠ ᠶᠡᠷᠦᠩᠬᠡᠶ ᠺᠤᠨᠰᠦ᠋ᠯ ᠤᠨ ᠭᠠᠵᠠᠷ ᠤᠨ | ᠮᠡᠳᠡᠭᠡᠯᠡᠭᠰᠡᠨ ᠢᠶᠠᠷ᠂ 4 ᠰᠠᠷ᠎ᠠ ᠶᠢᠨ 27 ᠤ ᠡᠳᠦᠷ᠂ ᠨᠢᠭᠡᠨ ᠮᠣᠩᠭᠤᠯ ᠤᠯᠤᠰ ᠤᠨ ᠬᠦᠨᠳᠦ ᠡᠪᠡᠳᠴᠢᠳᠡᠨ ᠵᠢᠴᠢ | ᠲᠡᠭᠦᠨ ᠤ ᠭᠡᠷ ᠤᠨ ᠬᠥᠮᠦᠰ ᠤᠨ ᠡᠷᠢᠶᠡᠨ ᠪᠣᠭᠤᠮᠲᠠ ᠪᠠᠷ ᠬᠢᠯᠢ ᠠᠴᠠ ᠭᠠᠷᠴᠤ᠂ ᠤᠯᠤᠰ ᠲᠤ ᠪᠠᠨ ᠪᠤᠴᠠᠵᠤ | ᠡᠮᠨᠡᠨ ᠵᠠᠰᠠᠬᠤ ᠴᠢᠬᠤᠯᠠᠲᠠᠶ ᠪᠠᠶᠢᠨ᠎ᠠ᠂ ᠲᠤᠰ ᠠᠶᠠᠨᠴᠢᠳ ᠤᠨ ᠡᠪᠡᠳᠴᠢᠳᠡᠨ ᠤ ᠪᠠᠶᠢᠳᠠᠯ ᠨᠡᠯᠢᠶᠡᠳ ᠬᠦᠨᠳᠦ | ᠪᠣᠯᠬᠤᠷ᠂ ︽ ᠭᠠᠳᠠᠨ᠎ᠠ ᠠᠴᠠ ᠬᠠᠯᠳᠠᠪᠣᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠷᠭᠠᠬᠤ ᠶᠢ | ᠰᠡᠷᠭᠡᠶᠢᠯᠡᠬᠦ︾ ᠬᠢᠵᠢᠭ ᠤᠨ ᠪᠠᠶᠢᠳᠠᠯ ᠤᠨᠵᠠᠩᠭᠢᠯᠠᠭᠠ ᠶᠢᠨ ᠦᠶ᠎ᠡ ᠳᠤ᠂ ᠳᠤᠮᠳᠠᠳᠤ ᠤᠯᠤᠰ ᠤᠨ ᠬᠢᠯᠢ ᠶᠢᠨ | ᠪᠠᠶᠢᠴᠠᠭᠠᠬᠤ ᠰᠠᠯᠠᠭ᠎ᠠ ᠮᠥᠴᠢᠷ ᠠᠴᠠ ᠪᠣᠭᠤᠮᠲᠠ ᠥᠩᠭᠡᠷᠡᠬᠦ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ | ᠬᠡᠰᠡᠨ ᠭᠤᠶᠣᠴᠢᠯᠠᠯ ᠢᠷᠡᠪᠡ᠃ | | | | | ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ | ᠠᠷᠠᠳ ᠤᠨ ᠴᠠᠭᠳᠠᠭ᠎ᠠ ᠠᠴᠠ ᠡᠪᠡᠳᠴᠢᠳᠡᠨ ᠳᠤ ᠪᠣᠭᠤᠮᠲᠠ ᠥᠩᠭᠡᠷᠡᠬᠦ ᠲᠦᠷᠬᠡᠨ ᠭᠠᠷᠳᠠᠮ ᠬᠦᠢᠴᠡᠳᠬᠡᠵᠦ ᠦᠭᠪᠡ | | ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡ ᠠᠴᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠤᠮᠳᠠᠳᠤ ᠮᠣᠩᠭᠤᠯ ᠤᠨ ᠬᠢᠯᠢ ᠶᠢᠨ ᠪᠠᠶᠢᠴᠠᠭᠠᠯᠲᠠ ᠶᠢᠨ | ᠠᠭᠤᠯᠵᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠮᠣᠩᠭᠤᠯ | ᠤᠨ ᠲᠠᠯ᠎ᠠ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠪᠠᠶᠢᠳᠠᠯ ᠢ | ᠪᠠᠴᠢᠮ ᠮᠡᠳᠡᠭᠳᠡᠵᠦ᠂ ᠬᠠᠮᠤᠭ ᠤᠨ ᠲᠡᠷᠢᠭᠦᠨ ᠳᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠲᠠᠢ ᠬᠠᠷᠢᠯᠴᠠᠵᠤ᠂ ᠡᠪᠡᠳᠴᠢᠲᠡᠨ ᠢᠶᠠᠨ ᠲᠤᠰᠢᠶᠠᠬᠤ ᠪᠠ ᠭᠥᠯᠢᠶᠡᠨ ᠠᠪᠬᠤ ᠵᠦᠢᠯᠡᠰ ᠢ | ᠵᠣᠬᠢᠴᠡᠭᠤᠯᠪᠠ᠃ ᠠᠶᠠᠨᠴᠢᠳ ᠪᠣᠭᠤᠮᠲᠠ ᠳᠤ ᠬᠦᠷᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠯᠢ ᠶᠢᠨ ᠪᠣᠭᠤᠮᠲᠠ ᠲᠠᠢ ᠬᠤᠯᠪᠣᠭᠠᠯᠠᠨ | ᠬᠠᠮᠤᠭ ᠤᠨ ᠣᠬᠤᠷ ᠴᠠᠭ ᠢᠶᠠᠷ ᠠᠶᠠᠨᠴᠢᠳ ᠲᠤ ᠪᠣᠭᠤᠮᠲᠠ ᠥᠩᠭᠡᠷᠡᠬᠦ ᠭᠠᠷᠳᠠᠮ ᠬᠦᠢᠴᠡᠳᠬᠡᠵᠦ᠂ ᠡᠪᠡᠳᠴᠢᠲᠡᠨ ᠤ | ᠠᠴᠢᠶ᠎ᠠ ᠪᠠᠷᠠᠭ᠎ᠠ ᠨᠡᠯᠢᠶᠡᠳ ᠠᠷᠪᠢᠨ᠂ ᠪᠣᠭᠤᠮᠲᠠ ᠥᠩᠭᠡᠷᠡᠬᠦ ᠳᠤ ᠳᠥᠭᠦᠮ ᠦᠭᠡᠢ ᠪᠠᠶᠢᠳᠠᠯ ᠳᠤ ᠴᠢᠭᠯᠡᠭᠦᠯᠦᠨ᠂ | ᠲᠤᠰᠬᠠᠶ ᠬᠦᠮᠦᠨ ᠲᠣᠮᠢᠯᠠᠵᠤ ᠡᠪᠡᠳᠴᠢᠲᠡᠨ ᠢ ᠵᠣᠯᠭᠠᠭᠤᠯᠬᠤ ᠭᠠᠵᠠᠷ ᠲᠤ ᠬᠦᠷᠭᠡᠵᠦ᠂ ᠡᠮᠴᠢ ᠰᠤᠪᠢᠯᠠᠭᠴᠢᠳ ᠢ | ᠬᠠᠪᠰᠣᠷᠣᠨ ᠡᠪᠡᠳᠴᠢᠲᠡᠨ ᠢ ᠮᠣᠩᠭᠤᠯ ᠤᠨ ᠲᠠᠯ᠎ᠠ ᠶᠢᠨ ᠠᠪᠤᠷᠠᠨ ᠲᠤᠰᠠᠯᠠᠬᠤ ᠲᠡᠷᠭᠡᠨ ᠳᠤ ᠭᠠᠷᠭᠠᠵᠤ᠂ ᠬᠠᠮᠤᠭ | ᠲᠦᠷᠦᠭᠦᠨ ᠳᠤ ᠠᠮᠤᠷ ᠲᠦᠪᠰᠢᠨ ᠢᠶᠠᠷ ᠪᠣᠭᠤᠮᠲᠠ ᠥᠩᠭᠡᠷᠡᠬᠦ ᠶᠢ ᠪᠠᠳᠣᠯᠠᠭᠰᠠᠨ ᠪᠠᠶᠢᠨ᠎ᠠ᠃ | | | | | ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠠᠷᠠᠳ ᠤᠨ | ᠴᠠᠭᠳᠠᠭ᠎ᠠ ᠡᠪᠡᠳᠴᠢᠳᠡᠨ ᠳᠤ ᠪᠣᠭᠤᠮᠲᠠ ᠪᠠᠷ ᠥᠩᠭᠡᠷᠡᠬᠦ ᠳᠤ ᠬᠠᠪᠰᠤᠷᠤᠯᠭ᠎ᠠ ᠦᠵᠡᠭᠦᠯᠪᠡ᠃ | | | | | ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠠᠷᠠᠳ ᠤᠨ | ᠴᠠᠭᠳᠠᠭ᠎ᠠ ᠡᠮᠴᠢ ᠰᠤᠪᠢᠯᠠᠭᠴᠢ ᠶᠢ ᠬᠠᠮᠵᠢᠨ ᠡᠪᠡᠳᠴᠢᠲᠡᠨ ᠢ ᠮᠣᠩᠭᠤᠯ ᠤᠨ ᠲᠠᠯ᠎ᠠ ᠶᠢᠨ ᠲᠦᠷᠭᠡᠨ ᠠᠪᠤᠷᠠᠯᠳᠠ ᠶᠢᠨ | ᠳᠡᠷᠭᠡᠨ ᠳᠤ ᠳᠠᠮᠨᠠᠨ ᠠᠪᠠᠴᠢᠪᠠ᠃ | | |