ᠮᠠᠨ ᠤ ᠬᠤᠲᠠ ᠵᠠᠮ ᠤᠨ ᠡᠬᠦᠳᠠ ᠬᠤᠲᠠ ᠳᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠠᠵᠤ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠪᠡ
ᠨᠡᠶᠢᠲᠡᠯᠡᠭᠰᠡᠨ ᠴᠠᠭ᠄
2020/5/6
          2020 ᠣᠨ ᠤ 4 ᠰᠠᠷ᠎ᠠ ᠶᠢᠨ 27 ᠤ ᠡᠳᠦᠷ᠂ ᠳᠤᠮᠳᠠᠳᠤ ᠮᠣᠩᠭᠤᠯ ᠬᠤᠶᠠᠷ ᠤᠯᠤᠰ ᠬᠢᠵᠢᠭ ᠤᠨ ᠪᠠᠶᠢᠳᠠᠯ ᠢ ᠬᠦᠴᠦ ᠪᠠᠨ ᠬᠠᠮᠲᠤᠳᠬᠠᠨ ᠡᠰᠡᠷᠭᠦᠴᠡᠭᠰᠡᠨ ᠣᠨᠴᠠᠭᠠᠶ ᠴᠠᠭ ᠦᠶ᠎ᠡ ᠳᠤ᠂ ᠮᠠᠨ ᠤ ᠬᠤᠲᠠ ᠵᠠᠮ ᠤᠨ ᠡᠭᠦᠳᠡ ᠬᠤᠲᠠ ᠳᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠠᠭᠰᠠᠨ  ᠪᠦᠭᠡᠳ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠱᠤᠭᠤᠮ ᠤᠨ ᠲᠡᠭ ᠺᠢᠯᠣᠮᠧᠲᠷ ᠤᠨ ᠭᠠᠵᠠᠷ ᠲᠤ ᠬᠢᠵᠢᠭ ᠤᠨ  ᠪᠠᠶᠢᠳᠠᠯ ᠢ ᠬᠠᠮᠲᠤ ᠪᠠᠷ ᠡᠰᠡᠷᠭᠦᠴᠡᠬᠦ ᠲᠤᠬᠠᠶ ᠲᠥᠬᠦᠮ ᠰᠣᠯᠢᠯᠴᠠᠭ᠎ᠠ ᠬᠢᠪᠠ᠃ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠭᠰᠠᠨ ᠮᠠᠨ ᠤ ᠲᠠᠯ᠎ᠠ ᠶᠢᠨ ᠲᠥᠯᠥᠭᠡᠯᠡᠭᠴᠢ ᠨᠢ ᠬᠤᠳᠠ ᠶᠢᠨ ᠳᠠᠷᠤᠭ᠎ᠠ ᠯᠢᠦ ᡁᠢ ᠫᠢᠩ᠂ ᠬᠤᠳᠠ ᠶᠢᠨ ᠳᠡᠳ᠋ ᠳᠠᠷᠤᠭ᠎ᠠ ᠴᠤᠭ ᠪᠣᠯᠤᠨ᠎ᠠ᠂ ᠮᠣᠩᠭᠤᠯ ᠤᠨ ᠲᠠᠯ᠎ᠠ ᠶᠢᠨ ᠲᠥᠯᠥᠭᠡᠯᠡᠭᠴᠢ ᠨᠢ ᠬᠤᠳᠠ ᠶᠢᠨ ᠳᠠᠷᠤᠭ᠎ᠠ  ᠠᠯᠳᠠᠷᠪᠠᠭᠠᠳᠣᠷ᠂ ᠬᠤᠳᠠ ᠶᠢᠨ ᠳᠡᠳ᠋ ᠳᠠᠷᠤᠭ᠎ᠠ ᠦᠷᠴᠠᠶᠢᠬᠤ ᠵᠢᠴᠢ ᠳᠤᠮᠳᠠᠳᠤ ᠮᠣᠩᠭᠤᠯ  ᠬᠤᠶᠠᠷ ᠭᠠᠵᠠᠷ ᠤᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠨ  ᠬᠠᠷᠢᠭᠤᠴᠠᠯᠭᠠᠳᠠᠨ ᠪᠣᠯᠤᠨ᠎ᠠ᠂  ᠳᠣᠮᠳᠠᠳᠦ ᠣᠯᠣᠰ ᠤᠨ ᠵᠠᠮ ᠤᠨ ᠡᠬᠦᠳᠠ ᠳᠤ ᠰᠠᠭᠤᠭ᠎ᠠ ᠳᠡᠳ᠋ ᠶᠡᠷᠦᠩᠬᠡᠢ ᠺᠤᠨᠰᠦ᠋ᠯ ᠵᠠᠩ ᠢ ᠱᠢ ᠤᠷᠢᠯᠭ᠎ᠠ ᠪᠠᠷ ᠠᠵᠢᠯᠯᠠᠭ᠎ᠠ ᠳᠤ  ᠣᠷᠣᠯᠴᠠᠪᠠ᠃
             ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠠᠨᠳᠢᠪᠯᠠᠬᠤ ᠶᠣᠰᠣᠯᠠᠯ ᠳᠠᠭᠤᠰᠤᠭᠰᠠᠨ ᠤ ᠳᠠᠷᠠᠭ᠎ᠠ ᠬᠤᠶᠠᠷ ᠭᠠᠵᠠᠷ ᠤᠨ ᠪᠣᠭᠤᠮᠲᠠ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠵᠢᠯ ᠲᠥᠷᠥᠯ ᠤᠨ ᠨᠢᠭᠡᠴᠡ ᠨᠢ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠬᠢᠵᠦ᠂ ᠠᠰᠠᠭᠤᠳᠠᠯ ᠢ ᠰᠢᠢᠳᠪᠣᠷᠢᠯᠡᠬᠦ ᠠᠷᠭ᠎ᠠ ᠵᠠᠮ ᠢ ᠰᠤᠳᠤᠯᠤᠨ ᠶᠠᠷᠢᠯᠴᠠᠵᠤ᠂ ᠦᠷᠭᠦᠯᠵᠢᠯᠡᠨ ᠬᠠᠮᠲᠤᠷᠠᠯᠴᠠᠬᠤ ᠳᠤ ᠪᠠᠲᠤ ᠪᠠᠬᠢ  ᠰᠠᠭᠤᠷᠢ  ᠶᠢ ᠲᠠᠯᠪᠢᠵᠤ ᠥᠭᠴᠡᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号