ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ  ᠨᠢᠭᠡ᠂ ᠬᠤᠶᠠᠳᠤᠭᠠᠷ  ᠣᠨ ᠤ ᠰᠤᠷᠤᠭᠴᠢ ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2020/5/7
      5 ᠰᠠᠷ᠎ᠠ ᠶᠢᠨ 6 ᠤ ᠡᠳᠦᠷ ᠤᠨ ᠥᠷᠯᠥᠭᠡ ᠡᠷᠲᠡ᠂ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ  ᠶᠢᠨ ᠤᠳᠤᠷᠢᠳᠤᠯᠭ᠎ᠠ᠂ ᠪᠠᠭᠰᠢ ᠠᠵᠢᠯᠲᠠᠨ ᠠᠵᠢᠯᠴᠢᠨ ᠪᠦᠬᠦᠨ ᠢᠶᠠᠷ ᠢᠶᠠᠨ ᠥᠨᠳᠥᠷ ᠳᠤᠮᠳᠠᠳᠤ ᠶᠢᠨ ᠨᠢᠭᠡ᠂ ᠬᠤᠶᠠᠳᠤᠭᠠᠷ ᠣᠨ ᠤ  ᠰᠣᠷᠣᠭᠴᠢᠳ ᠢᠶᠠᠨ ᠣᠭᠳᠣᠨ ᠠᠪᠣᠪᠠ᠃    
         ᠪᠠᠭᠰᠢ ᠰᠤᠷᠭᠠᠭᠤᠯᠢ ᠶᠢᠨ ᠡᠭᠦᠳᠡᠨ ᠳᠡᠭᠡᠷ᠎ᠡ ᠠᠷᠢᠭᠤᠳᠬᠠᠵᠤ  ᠪᠠᠶᠢᠨ᠎ᠠ        ᠣᠶᠢᠯᠠᠭᠠᠭᠰᠠᠨ ᠢᠶᠠᠷ᠂ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠠᠭᠠᠨ ᠪᠣᠴᠠᠵᠦ ᠰᠤᠷᠤᠯᠭ᠎ᠠ ᠪᠠᠨ ᠰᠡᠷᠭᠦᠭᠡᠬᠦ ᠳᠤ ᠨᠠᠷᠢᠨ ᠨᠢᠭᠲᠠ ᠲᠣᠬᠢᠷᠠᠭᠤᠯᠤᠯᠲᠠ ᠪᠠ  ᠬᠦᠢᠴᠡᠳ ᠪᠡᠯᠡᠳᠬᠡᠯ ᠬᠢᠪᠡ᠃ ᠦᠢᠯᠠᠭᠠᠭᠰᠠᠨ ᠢᠶᠠᠷ᠂ ᠣᠯᠠᠨ ᠰᠣᠷᠣᠭᠴᠢᠳ ᠰᠤᠷᠭᠠᠭᠤᠯᠢ ᠳᠠᠭᠠᠨ ᠪᠤᠴᠠᠬᠤ ᠳᠤ ᠵᠠᠪᠠᠯ ᠥᠩᠭᠡᠷᠡᠭᠦᠯᠬᠦ ᠶᠠᠪᠤᠴᠠ ᠨᠠᠯᠢᠶᠡᠳ ᠣᠯᠠᠨ᠂ ᠣᠷᠣ ᠳᠡᠪᠢᠰᠬᠡᠷ ᠴᠦ ᠴᠥᠭᠡᠨ ᠪᠤᠰᠤ ᠪᠠᠶᠢᠬᠤ ᠶᠢ ᠪᠣᠳᠣᠯᠬᠢᠯᠠᠵᠤ᠂ ᠬᠡᠰᠡᠭ ᠪᠠᠭᠰᠢ ᠰᠠᠶᠢᠨ ᠳᠤᠷ᠎ᠠ ᠶᠢᠨ ᠠᠵᠢᠯᠯᠠᠭᠴᠢ ᠪᠣᠯᠵᠣ᠂ ᠰᠤᠷᠤᠭᠴᠢᠳ ᠲᠤ ᠪᠠᠨ ᠨᠠᠷᠢᠨ ᠨᠢᠮᠪᠠᠶ ᠦᠢᠯᠡᠴᠢᠯᠡᠭᠡ ᠬᠠᠩᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠤᠷᠭᠠᠭᠤᠯᠢ ᠳᠠᠭᠠᠨ ᠪᠣᠴᠠᠬᠤ ᠶᠢ ᠣᠭᠳᠣᠨ᠎ᠠ᠃
         ᠰᠤᠷᠤᠭᠴᠢᠳ ᠣᠷᠣ ᠳᠡᠪᠢᠰᠬᠡᠷ ᠢᠶᠠᠨ ᠠᠪᠴᠤ ᠪᠠᠶᠢᠷᠢ ᠳᠤ ᠣᠴᠢᠪᠠ
         ᠰᠠᠶᠢᠨ ᠳᠤᠷ᠎ᠠ ᠶᠢᠨ ᠠᠵᠢᠯᠯᠠᠭᠴᠢ ᠪᠠᠭᠰᠢ ᠰᠤᠷᠤᠭᠴᠢᠳ ᠢ ᠬᠠᠪᠰᠤᠷᠤᠨ ᠣᠷᠣ ᠳᠡᠪᠢᠰᠬᠡᠷ ᠢ ᠨᠢ ᠵᠥᠭᠡᠭᠡᠵᠦ ᠥᠭᠭᠦᠨ᠎ᠡ᠃    ᠶᠢᠰᠦᠨ ᠴᠠᠭ ᠡᠬᠢᠯᠡᠮᠡᠭᠴᠡ᠂ ᠰᠠᠯᠤᠭᠠᠳ ᠤᠳᠠᠭᠰᠠᠨ ᠰᠤᠷᠭᠠᠭᠤᠯᠢ ᠶᠢᠨ ᠰᠠᠷ᠎ᠠ ᠭᠠᠷᠤᠶ ᠪᠣᠯᠤᠭᠰᠠᠨ ᠥᠨᠳᠥᠷ ᠵᠡᠷᠭᠡ   ᠶᠢᠨ  ᠨᠢᠭᠡ᠂ ᠬᠤᠶᠠᠳᠤᠭᠠᠷ ᠣᠨ ᠤ ᠰᠤᠷᠤᠭᠴᠢᠳ ᠲᠠᠨᠢᠯ ᠲᠠᠰᠤᠯ ᠰᠤᠷᠭᠠᠭᠤᠯᠢ ᠶᠢᠨ ᠬᠦᠷᠢᠶᠡᠨ ᠳᠤ   ᠪᠠᠨ ᠣᠷᠣᠵᠤ ᠢᠷᠡᠪᠡ᠃ ᠰᠤᠷᠭᠠᠭᠤᠯᠢ ᠶᠢᠨ ᠡᠭᠦᠳᠡᠨ ᠳᠡᠭᠡᠷ᠎ᠡ ᠰᠤᠷᠤᠭᠴᠢᠳ ᠮᠥᠷᠯᠡᠵᠦ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠣᠷᠣ ᠳᠡᠪᠢᠰᠬᠡᠷ ᠢ ᠠᠷᠢᠭᠤᠳᠬᠠᠬᠤ᠂ ᠡᠷᠡᠭᠦᠯ ᠮᠡᠨᠳᠦ ᠶᠢᠨ ᠬᠦᠰᠦᠨᠦᠭ ᠲᠤᠰᠢᠶᠠᠬᠤ ᠵᠡᠷᠭᠡ ᠠᠮᠤᠷ ᠲᠦᠪᠰᠢᠨ ᠡᠮᠬᠢ ᠵᠢᠷᠣᠮ ᠲᠠᠢ ᠪᠠᠷ ᠰᠤᠷᠭᠠᠭᠤᠯᠢ ᠳᠤ ᠣᠷᠣᠨ᠎ᠠ᠃ ᠬᠢᠵᠢᠭ ᠤᠨ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠬᠢᠵᠠᠭᠠᠷᠯᠠᠬᠤ ᠶᠢᠨ ᠲᠥᠯᠥᠭᠡ᠂  ᠰᠣᠷᠭᠠᠭᠤᠯᠢ ᠶᠢᠨ ᠲᠠᠯ᠎ᠠ ᠶᠢᠨ ᠬᠢᠨ ᠪᠠᠶᠢᠷᠢ ᠶᠢᠨ ᠭᠡᠷ᠂ ᠬᠢᠴᠢᠶᠡᠯ ᠤᠨ ᠭᠡᠷ ᠵᠡᠷᠭᠡ ᠲᠠᠯᠠᠪᠤᠷ ᠢ ᠪᠥᠬᠦ ᠲᠠᠯ᠎ᠠ   ᠪᠠᠷ ᠠᠷᠢᠭᠤᠳᠬᠠᠵᠦ᠂ ᠰᠤᠷᠤᠭᠴᠢᠳ ᠤᠨ ᠬᠤᠨᠣᠬᠤ ᠪᠠ ᠰᠤᠷᠤᠯᠴᠠᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃  
 
  ᠰᠤᠷᠭᠠᠭᠤᠯᠢ ᠶᠢᠨ ᠪᠠᠶᠢᠷᠢᠯᠠᠭᠤᠯᠤᠭᠰᠠᠨ ᠪᠠᠶᠢᠴᠠᠭᠠᠬᠤ ᠴᠡᠭ ᠪᠠ ᠠᠵᠢᠭᠯᠠᠬᠤ ᠲᠠᠰᠤᠭ᠃    
  ᠰᠤᠷᠤᠭᠴᠢᠳ ᠪᠡᠶ᠎ᠡ ᠶᠢᠨ ᠳᠤᠯᠠᠭᠠᠨ   ᠢ ᠪᠠᠶᠢᠴᠠᠭᠠᠨ ᠰᠢᠯᠭᠠᠬᠤ ᠶᠢᠨ ᠬᠠᠮᠲᠤ ᠡᠷᠡᠭᠦᠯ ᠮᠡᠨᠳᠦ ᠶᠢᠨ ᠬᠦᠰᠦᠨᠦᠭ ᠢᠶᠠᠨ ᠲᠤᠰᠢᠶᠠᠨ᠎ᠠ         ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠢᠯᠡᠷᠬᠡᠶᠢᠯᠡᠬᠦ ᠳᠡᠭᠡᠨ᠂ ᠰᠤᠷᠭᠠᠭᠤᠯᠢ ᠶᠢᠨ ᠲᠠᠯ᠎ᠠ ᠶᠢᠨ ᠬᠢᠨ ᠬᠢᠴᠢᠶᠡᠯ ᠰᠡᠷᠭᠦᠭᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠢ ᠯᠠᠪᠲᠠᠶ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠡᠶ᠃  
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号