ᠶᠠᠳᠠᠭᠤ ᠶᠢ ᠳᠡᠳᠬᠦᠬᠦ ᠲᠦᠷᠦ ᠶᠢᠨ ᠪᠣᠳᠣᠯᠭ᠎ᠠ  ︵  ᠳᠦᠷᠪᠡ︶
ᠨᠡᠶᠢᠲᠡᠯᠡᠭᠰᠡᠨ ᠴᠠᠭ᠄
2020/6/12
ᠤᠤᠭᠤᠬᠤ ᠤᠰᠤᠨ ᠤ ᠠᠮᠤᠷ ᠲᠦᠪᠰᠢᠨ᠄        ᠤᠤᠭᠤᠬᠤ ᠤᠰᠤᠨ ᠤ ᠬᠡᠮᠵᠢᠶ᠎ᠡ ᠨᠢ ᠪᠠᠲᠤᠯᠠᠭ᠎ᠠ ᠲᠠᠢ᠂ ᠤᠰᠤᠨ ᠤ ᠴᠢᠨᠠᠷ ᠨᠢ ᠠᠮᠤᠷ ᠲᠦᠪᠰᠢᠨ᠂ ᠤᠰᠤ ᠠᠪᠬᠤ ᠳᠤ ᠳᠦᠬᠦᠮ᠂ ᠤᠰᠤ ᠬᠠᠩᠭᠠᠬᠤ ᠶᠢ ᠪᠠᠲᠤᠯᠠᠬᠤ ᠨᠣᠷᠮ᠎ᠠ ᠶᠢ ᠵᠢᠭᠠᠵᠤ ᠪᠣᠢ᠃ ᠤᠰᠤᠨ ᠤ ᠴᠢᠨᠠᠷ᠄ ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠦᠨᠡᠯᠡᠯᠲᠡ ᠶᠢᠨ ᠪᠠᠷᠢᠮᠵᠢᠶ᠎ᠠ︾ ︵T/CHES 18 — 2018︶ ᠶᠢ ᠦᠨᠳᠦᠰᠦᠯᠡᠨ ᠬᠡᠷᠡᠭᠵᠢᠭᠦᠯᠦᠨ᠎ᠡ᠃ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠦᠭᠡᠢ  ᠪᠠᠶᠢᠪᠡᠯ᠂ ᠲᠦᠪᠯᠡᠷᠡᠭᠦᠯᠦᠨ ᠣᠰᠣ ᠴᠡᠪᠡᠷᠰᠢᠭᠦᠯᠦᠭᠰᠡᠨ ᠪᠣᠶᠣ ᠭᠡᠷ ᠪᠦᠯᠢ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ ᠳᠠᠷᠬᠠᠭᠠᠭᠰᠠᠨ ᠪᠣᠯ ᠳᠠᠷᠤᠶ ᠪᠠᠷᠢᠮᠵᠢᠶ᠎ᠠ ᠳᠤ ᠬᠦᠷᠦᠭᠰᠡᠨ ᠳᠤ ᠳᠣᠭᠠᠴᠢᠨ᠎ᠠ᠃ ᠤᠰᠤᠨ ᠤ ᠬᠡᠮᠵᠢᠶ᠎ᠡ᠄ ᠤᠯᠤᠰ ᠤᠨ ︽ᠬᠥᠳᠡᠭᠡ ᠲᠣᠰᠬᠤᠨ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ᠳᠤ ᠨᠡᠶᠢᠴᠡᠨ᠎ᠡ᠂ ᠳᠠᠷᠤᠶ᠄ ᠤᠰᠤᠨ ᠰᠤᠷᠪᠤᠯᠵᠢ ᠶᠢᠨ ᠬᠤᠳᠳᠤᠭ᠂ ᠲᠥᠪᠯᠡᠷᠡᠭᠦᠯᠦᠨ ᠤᠰᠤ ᠬᠠᠩᠭᠠᠬᠤ ᠴᠡᠭ᠂ ᠤᠰᠤ ᠬᠠᠳᠠᠭᠠᠯᠠᠬᠤ ᠵᠣᠭᠤᠷᠢ ︵ᠤᠰᠤᠨ ᠰᠠᠪᠠ︶ ᠵᠡᠷᠭᠡ ᠤᠰᠤ ᠬᠠᠳᠠᠭᠠᠯᠠᠬᠤ ᠲᠥᠬᠦᠭᠡᠷᠦᠮᠵᠢ ᠠᠴᠠ ᠤᠰᠤ ᠠᠪᠴᠤ ᠬᠡᠷᠡᠭᠯᠡᠬᠦ ᠤᠰᠤᠨ ᠤ ᠬᠡᠮᠵᠢᠶ᠎ᠡ ᠶᠢ 20 ᠯᠢᠲ᠋ᠧᠷ ︵ᠬᠦᠮᠦᠨ / ᠡᠳᠦᠷ︶ ᠳᠣᠣᠷ᠎ᠠ ᠪᠠᠶᠢᠯᠭᠠᠵᠦ ᠪᠣᠯᠬᠤ ᠦᠭᠡᠢ ᠪᠠᠷ ᠪᠠᠷᠢᠮᠵᠢᠶᠠᠯᠠᠨ᠎ᠠ᠃ ᠮᠠᠯᠵᠢᠬᠤ ᠣᠷᠣᠨ ᠳᠤ ᠮᠠᠯ ᠤᠨ ᠤᠰᠤ ᠬᠡᠷᠡᠭᠯᠡᠬᠦ ᠬᠡᠮᠵᠢᠶ᠎ᠡ ᠶᠢ ᠪᠣᠳᠣᠯᠬᠢᠯᠠᠬᠤ ᠦᠭᠡᠢ᠃ ᠤᠰᠤ ᠬᠡᠷᠡᠭᠯᠡᠬᠦ ᠳᠤ ᠳᠥᠭᠦᠮ ᠦᠵᠡᠭᠦᠯᠬᠦ ᠬᠡᠮᠵᠢᠶ᠎ᠡ᠄ ᠣᠶᠢᠷ᠎ᠠ ᠵᠠᠶ ᠠᠴᠠ ᠤᠰᠤ ᠠᠪᠬᠤ ᠳᠠᠩ  ᠴᠢᠭᠯᠡᠯ ᠤᠨ ᠵᠠᠶ ᠶᠢ 3 ᠺᠢᠯᠣᠮᠧᠲᠷ ᠠᠴᠠ ᠬᠡᠳᠡᠷᠡᠬᠦ ᠦᠭᠡᠢ ᠪᠣᠯ ᠪᠠᠷᠢᠮᠵᠢᠶ᠎ᠠ ᠳᠤ ᠬᠦᠷᠦᠭᠰᠡᠨ ᠢᠶᠠᠷ ᠦᠵᠡᠨ᠎ᠡ᠃ ᠬᠤᠯᠠ ᠠᠴᠠ ᠣᠰᠣ ᠠᠪᠬᠤ ᠳᠤ ᠤᠰᠤ ᠲᠠᠲᠠᠬᠤ ᠲᠡᠷᠭᠡ ︵ᠪᠤᠶᠤ ᠤᠰᠤ ᠬᠠᠩᠭᠠᠬᠤ ᠦᠢᠯᠡᠴᠢᠯᠡᠭᠡᠨ ᠤ ᠠᠩᠭᠢ︶ ᠪᠠ ᠤᠰᠤ ᠬᠠᠳᠠᠭᠠᠯᠠᠬᠤ ᠵᠣᠭᠤᠷᠢ ᠵᠡᠷᠭᠡ ᠤᠰᠤ ᠬᠠᠳᠠᠭᠠᠯᠠᠬᠤ ᠲᠥᠬᠦᠭᠡᠷᠦᠮᠵᠢ ᠲᠠᠢ ᠪᠣᠯ ᠂ ᠳᠠᠩ ᠴᠢᠭᠯᠡᠯ ᠤᠨ ᠤᠰᠤ ᠲᠠᠲᠠᠬᠤ ᠵᠠᠶ ᠨᠢ 30 ᠺᠢᠯᠣᠮᠧᠲᠷ ᠠᠴᠠ ᠪᠠᠭ᠎ᠠ ᠪᠠᠶᠢᠬᠤ ᠶᠢ ᠪᠠᠷᠢᠮᠵᠢᠶ᠎ᠠ ᠳᠤ ᠬᠦᠷᠦᠭᠰᠡᠨ ᠢᠶᠠᠷ ᠦᠵᠡᠨ᠎ᠡ᠃ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ︵100 ᠡᠳᠦᠷ ᠤᠨ ᠳᠣᠲᠣᠷ᠎ᠠ 90 ᠡᠳᠦᠷ ᠤᠨ ᠬᠡᠪ ᠤᠨ ᠬᠡᠷᠡᠭᠯᠡᠬᠦ ᠣᠰᠣᠨ ᠤ ᠬᠡᠮᠵᠢᠶ᠎ᠡ ᠶᠢ ᠪᠠᠳᠣᠯᠠᠪᠠᠯ ᠪᠠᠷᠢᠮᠵᠢᠶ᠎ᠠ ᠳᠤ ᠬᠦᠷᠦᠭᠰᠡᠨ ᠳᠤ ᠳᠣᠭᠠᠴᠢᠨ᠎ᠠ︶ ᠄ ᠡᠩ ᠤᠨ ᠵᠢᠯ ᠳᠤ᠂ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ᠶᠢ 90 % ᠠᠴᠠ ᠪᠠᠭ᠎ᠠ ᠪᠠᠶᠢᠯᠭᠠᠵᠦ ᠪᠣᠯᠬᠤ ᠦᠭᠡᠢ ᠪᠠᠷ ᠪᠠᠷᠢᠮᠵᠢᠶᠠᠯᠠᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号