ᠡᠮ ᠡᠮᠨᠡᠯᠭᠡ᠄ | | | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠭᠤᠤᠯ ᠬᠠᠷᠠᠯᠲᠠ᠃ ︵ᠨᠢᠭᠡ︶ 2020 ᠣᠨ ᠪᠣᠯᠬᠤ ᠳᠤ᠂ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠮᠦᠨ ᠪᠦᠬᠦᠨ ᠳᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠦᠷᠳᠡᠬᠡᠵᠦ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ | ᠡᠪᠡᠳᠴᠢᠨ ᠢ ᠴᠠᠭ ᠲᠤᠬᠠᠶ ᠳᠤ ᠨᠢ ᠪᠦᠲᠦᠮᠵᠢᠲᠡᠶ ᠠᠪᠤᠷᠠᠨ ᠵᠠᠰᠠᠬᠤ ᠪᠠᠲᠤᠯᠠᠭ᠎ᠠ ᠣᠯᠭᠤᠭᠠᠵᠦ᠂ ᠬᠤᠪᠢ ᠬᠥᠮᠦᠨ ᠤ | ᠡᠪᠡᠳᠴᠢᠨ ᠦᠵᠡᠭᠦᠯᠬᠦ ᠵᠠᠷᠤᠳᠠᠯ ᠤᠨ ᠳᠠᠷᠤᠭᠠᠰᠤ ᠶᠢ ᠶᠡᠭᠡ ᠬᠡᠮᠵᠢᠶ᠎ᠡ ᠪᠠᠷ ᠬᠦᠩᠬᠡᠷᠡᠬᠦᠯᠦᠨ᠎ᠡ᠃ ︵ᠬᠤᠶᠠᠷ︶ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠦᠨᠳᠦ ᠶᠡᠭᠡ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ | ᠴᠢᠨᠠᠷᠳᠠᠢ ᠡᠪᠡᠳᠴᠢᠨ ᠢ ᠪᠦᠲᠦᠮᠵᠢᠲᠡᠶ ᠪᠠᠷ ᠬᠢᠵᠠᠭᠠᠷᠯᠠᠵᠤ᠂ ᠤᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠬᠦᠢᠴᠡᠳᠬᠡᠯ ᠲᠤᠭ᠎ᠠ ᠶᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶᠡᠨ ᠳᠤ ᠣᠶᠢᠷᠠᠳᠣᠭᠤᠯᠣᠨᠠ᠃ | ︵ᠭᠤᠷᠪᠠ︶ ᠶᠠᠳᠠᠭᠤ ᠬᠦᠴᠢᠷᠳᠡᠯᠲᠡᠶ ᠰᠢᠶᠠᠨ ᠳᠤ ᠠᠳᠠᠭ ᠲᠤ ᠪᠠᠨ ᠨᠢᠭᠡ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ | ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠬᠡᠨ ᠤ ᠬᠢᠷᠢ ᠬᠡᠮᠵᠢᠶ᠎ᠡ ᠳᠤ ᠬᠦᠷᠬᠡᠵᠣ᠂ ᠦᠢᠯᠡᠴᠢᠯᠡᠬᠡᠨ ᠤ | ᠨᠥᠬᠦᠴᠡᠯ ᠢ ᠢᠯᠡᠷᠬᠡᠶ ᠰᠠᠶᠢᠵᠢᠷᠠᠭᠤᠯᠵᠤ᠂ ᠦᠢᠯᠡᠴᠢᠯᠡᠬᠡᠨ ᠤ ᠴᠢᠳᠠᠪᠤᠷᠢ ᠪᠠ ᠪᠣᠯᠣᠮᠵᠢ ᠶᠢᠨ ᠴᠢᠨᠠᠷ ᠢ ᠢᠯᠡᠷᠬᠡᠶ | ᠳᠡᠭᠡᠭᠰᠢᠯᠡᠭᠦᠯᠦᠨ᠎ᠡ᠃ | | ᠨᠢᠭᠡ᠂ ᠡᠮ ᠡᠮᠨᠡᠯᠭᠡ ᠶᠢᠨ ᠳᠠᠭᠠᠳᠬᠠᠯ | ︵ᠨᠢᠭᠡ︶ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ | ᠬᠠᠮᠤᠷᠬᠤ ᠬᠡᠪᠴᠢᠶᠡᠨ ᠳᠤ ᠣᠷᠣᠭᠤᠯᠤᠨ᠎ᠠ᠃ ᠬᠤᠪᠢ ᠬᠥᠮᠦᠨ ᠤ ᠰᠦᠢᠳᠬᠡᠯ ᠳᠣᠰᠢᠶᠠᠬᠤ ᠬᠡᠰᠡᠭ ᠢ ᠡᠳ᠋ ᠤᠨ | ᠵᠠᠰᠠᠭ ᠤᠨ ᠨᠦᠬᠦᠪᠣᠷᠢ ᠳᠤ ᠪᠦᠬᠦᠨ ᠢ ᠬᠠᠮᠣᠷᠠᠨ ᠪᠠᠭᠳᠠᠭᠠᠨ᠎ᠠ᠃ | | ︵ᠬᠤᠶᠠᠷ︶ ᠣᠯᠭᠤᠮᠵᠢ ᠶᠢᠨ ᠪᠠᠲᠤᠯᠠᠭ᠎ᠠ᠃ | 1. ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠪᠠᠷ᠄ ᠲᠥᠪ ᠭᠤᠤᠯᠴᠢ ᠲᠦᠭᠡᠮᠡᠯ ᠬᠠᠷᠠᠭᠠᠯᠵᠠᠯ ᠲᠠᠢ ᠪᠠᠷ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠵᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠲᠣᠭᠲᠠᠪᠤᠷᠢᠵᠢᠭᠤᠯᠤᠨ᠎ᠠ᠃ | 2. ᠬᠦᠨᠳᠦ ᠡᠪᠡᠳᠴᠢᠨ ᠤ ᠳᠠᠭᠠᠳᠬᠠᠯ ᠤᠨ ᠲᠠᠯ᠎ᠠ ᠪᠠᠷ᠄ ᠡᠬᠢᠯᠡᠵᠦ ᠳᠣᠰᠢᠶᠠᠬᠤ ᠱᠤᠭᠤᠮ ᠢ 50% ᠪᠠᠷ | ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠢ ᠡᠯ᠎ᠡ ᠬᠡᠰᠡᠭ ᠲᠤ 5% ᠪᠠᠷ ᠳᠡᠭᠡᠭᠰᠢᠯᠡᠭᠦᠯᠪᠡ ︵ᠬᠠᠮᠤᠭ ᠳᠣᠤᠷ᠎ᠠ | ᠬᠡᠰᠡᠭ ᠨᠢ 70%᠂ ᠳᠤᠮᠳᠠ ᠬᠡᠰᠡᠭ ᠨᠢ 80%᠂ ᠬᠠᠮᠤᠭ ᠥᠨᠳᠥᠷ ᠬᠡᠰᠡᠭ ᠨᠢ 90% ︶᠂ ᠶᠠᠳᠠᠭᠤ | ᠬᠦᠴᠢᠷᠳᠡᠯ ᠲᠠᠢ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠳᠡᠭᠡᠳᠦ ᠬᠢᠵᠠᠭᠠᠷ ᠢ ᠪᠦᠬᠦ ᠳᠠᠯ᠎ᠠ ᠪᠠᠷ | ᠬᠦᠴᠦᠨ ᠦᠭᠡᠢ ᠪᠣᠯᠭᠠᠨ᠎ᠠ᠃ | 3. ᠡᠮ ᠡᠮᠨᠡᠯᠭᠡ ᠶᠢᠨ ᠠᠪᠤᠷᠠᠨ ᠲᠤᠰᠠᠯᠠᠬᠤ ᠲᠠᠯ᠎ᠠ ᠪᠠᠷ᠄ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ | ᠰᠠᠭᠤᠵᠣ ᠡᠮᠴᠢᠯᠡᠭᠦᠯᠬᠦ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠢᠶᠠᠷ ᠳᠠᠩᠰᠠ ᠲᠠᠶᠢᠯᠤᠭᠰᠠᠨ ᠤ ᠳᠠᠷᠠᠭ᠎ᠠ ᠲᠣᠭᠲᠠᠭᠠᠯ ᠳᠤ ᠨᠡᠶᠢᠴᠡᠭᠰᠡᠨ ᠬᠤᠪᠢ ᠬᠥᠮᠦᠨ ᠤ ᠡᠭᠦᠷᠭᠡᠯᠡᠬᠦ | ᠡᠮᠴᠢᠯᠡᠬᠡᠨ ᠤ ᠵᠠᠷᠤᠳᠠᠯ ᠢ ᠡᠬᠢᠯᠡᠵᠦ ᠲᠤᠰᠢᠶᠠᠬᠤ ᠱᠤᠭᠤᠮ ᠭᠠᠷᠭᠠᠬᠤ ᠦᠭᠡᠢ᠂ ᠳᠣᠰ ᠵᠢᠯ ᠤᠨ ᠠᠪᠤᠷᠠᠨ ᠲᠤᠰᠠᠯᠠᠬᠤ | ᠳᠡᠭᠡᠳᠣ ᠬᠡᠮᠵᠢᠶ᠎ᠡ ᠶᠢᠨ ᠳᠣᠲᠣᠷ᠎ᠠ 80% ᠶᠢᠨ ᠬᠠᠷᠢᠴᠠᠯ ᠢᠶᠠᠷ ᠠᠪᠤᠷᠠᠨ ᠳᠣᠰᠠᠯᠠᠵᠦ᠂ ᠲᠣᠭᠲᠠᠭᠠᠯ ᠳᠤ | ᠨᠡᠶᠢᠴᠡᠭᠰᠡᠨ ᠡᠮᠴᠢᠯᠡᠭᠡᠨ ᠤ ᠵᠠᠷᠤᠳᠠᠯ ᠤᠨ ᠬᠡᠪᠴᠢᠶ᠎ᠡ ᠶᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠤᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠬᠦᠯᠦᠨ᠎ᠡ᠃ ᠵᠢᠯ ᠤᠨ | ᠡᠩ ᠤᠨ ᠡᠪᠡᠳᠴᠢᠨ ᠡᠮᠭᠡᠭ ᠤᠨ ᠡᠮᠨᠡᠯᠭᠡ ᠳᠤ ᠰᠠᠭᠤᠬᠤ ᠳᠡᠭᠡᠳᠦ ᠬᠡᠮᠵᠢᠶ᠎ᠡ ᠨᠢ 4 ᠲᠦᠮᠡᠨ ᠲᠥᠭᠦᠷᠢᠭ᠂ ᠡᠭᠦᠳᠡᠨ | ᠡᠮᠨᠡᠯᠭᠡ ᠶᠢᠨ ᠳᠡᠭᠡᠳᠦ ᠬᠡᠮᠵᠢᠶ᠎ᠡ ᠨᠢ 2000 ᠲᠥᠭᠦᠷᠢᠭ︔ ᠬᠦᠨᠳᠦ ᠣᠨᠴᠠ ᠶᠡᠭᠡ ᠡᠪᠡᠳᠴᠢᠨ ᠡᠮᠭᠡᠭ ᠤᠨ | ᠡᠮᠨᠡᠯᠭᠡ ᠳᠤ ᠰᠠᠭᠤᠬᠤ ᠳᠡᠭᠡᠳᠦ ᠬᠡᠮᠵᠢᠶ᠎ᠡ ᠨᠢ 10 ᠲᠦᠮᠡᠨ ᠲᠥᠭᠦᠷᠢᠭ᠂ ᠡᠭᠦᠳᠡᠨ ᠡᠮᠨᠡᠯᠭᠡ ᠶᠢᠨ ᠳᠡᠭᠡᠳᠦ | ᠬᠡᠮᠵᠢᠶ᠎ᠡ ᠨᠢ 4 ᠲᠦᠮᠡᠨ ᠲᠥᠭᠦᠷᠢᠭ ᠪᠣᠯᠤᠨ᠎ᠠ᠃ | 4. ᠰᠠᠨᠠᠭᠠᠨ ᠳᠤ ᠦᠭᠡᠢ ᠭᠡᠮᠲᠦᠯ ᠢ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠤᠨ᠎ᠠ᠃ ᠰᠢᠶᠠᠨ ᠤ | ᠱᠠᠲᠤᠨ ᠠᠴᠠ ᠳᠡᠭᠡᠭᠰᠢᠬᠢ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ᠲᠠᠩᠰᠠ ᠲᠠᠶᠢᠯᠬᠤ ᠬᠠᠷᠢᠴᠠᠯ ᠢ | 75% ᠪᠠᠶᠢᠭᠰᠠᠨ ᠠᠴᠠ 80% ᠪᠣᠯᠭᠠᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠳᠣᠰᠢᠶᠠᠬᠤ ᠬᠠᠮᠤᠭ ᠤᠨ | ᠥᠨᠳᠥᠷ ᠬᠡᠮᠵᠢᠶ᠎ᠡ ᠶᠢ 10 ᠲᠦᠮᠡ ᠪᠠᠶᠢᠭᠰᠠᠨ ᠠᠴᠠ 12 ᠲᠦᠮᠡ ᠪᠣᠯᠭᠠᠨ ᠳᠡᠭᠡᠭᠰᠢᠯᠡᠭᠦᠯᠪᠡ᠃ | 5. ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠤ ᠲᠥᠷᠥ ᠶᠢᠨ ᠪᠣᠳᠣᠯᠭ᠎ᠠ᠃ ᠤᠳᠠᠭᠠᠨ | ᠴᠢᠨᠠᠷᠲᠠᠶ ᠪᠥᠭᠡᠷᠡᠨ ᠠᠵᠢᠯᠯᠠᠭ᠎ᠠ ᠳᠣᠷᠦ᠋ᠢᠲᠠᠭᠰᠠᠨ ᠵᠡᠷᠭᠡ 20 ᠵᠦᠢᠯ ᠤᠨ ᠡᠪᠡᠳᠴᠢᠨ ᠤ ᠲᠥᠷᠥᠯ ᠢ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠶ ᠡᠪᠡᠳᠴᠢᠨ ᠤ | ᠬᠡᠪᠴᠢᠶᠡᠨ ᠳᠤ ᠣᠷᠣᠭᠤᠯᠵᠦ᠂ ᠬᠥᠬᠡ᠂ ᠬᠥᠬᠡᠭᠴᠢᠨ᠂ ᠤᠯᠠᠭᠠᠨ ᠭᠡᠵᠦ ᠭᠤᠷᠪᠠᠨ ᠲᠥᠷᠥᠯ ᠳᠤ ᠬᠤᠪᠢᠶᠠᠳᠠᠭ᠃ | ᠬᠥᠬᠡ ᠲᠥᠷᠥᠯ ᠳᠤ 4 ᠵᠦᠢᠯ ᠤᠨ ᠡᠪᠡᠳᠴᠢᠨ ᠢ ᠪᠠᠭᠳᠠᠭᠠᠵᠣ᠂ ᠭᠤᠷᠪᠠᠨ ᠭᠠᠷᠴᠠᠭ ᠤᠨ ᠳᠣᠳᠣᠷᠠᠬᠢ ᠵᠦᠶ | ᠵᠣᠬᠢᠰᠲᠠᠶ ᠡᠮᠴᠢᠯᠡᠭᠡᠨ ᠤ ᠵᠠᠷᠤᠳᠠᠯ ᠢ ᠰᠢᠭᠤᠳ 70% ᠪᠠᠷ ᠲᠠᠩᠰᠠ ᠳᠠᠶᠢᠯᠵᠦ᠂ ᠡᠬᠢᠯᠡᠵᠦ ᠳᠣᠰᠢᠶᠠᠬᠤ ᠪᠠᠷᠢᠮᠵᠢᠶ᠎ᠠ | ᠭᠠᠷᠭᠠᠬᠤ ᠥᠬᠡᠶ᠂ ᠵᠢᠯ ᠤᠨ ᠳᠡᠭᠡᠳᠦ ᠬᠢᠵᠠᠭᠠᠷ ᠨᠢ 10000 ᠲᠥᠭᠦᠷᠢᠭ ᠪᠣᠯᠤᠨ᠎ᠠ᠃ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠲᠠᠩᠰᠠ ᠲᠠᠶᠢᠯᠬᠤ ᠬᠠᠷᠢᠴᠠᠯ ᠢ 10 ᠵᠠᠭᠤᠨ ᠤ ᠨᠢᠭᠡᠴᠢ ᠳᠡᠭᠡᠭᠰᠢᠯᠡᠭᠦᠯᠵᠦ᠂ ᠳᠡᠭᠡᠳᠦ ᠬᠢᠵᠠᠭᠠᠷ ᠢ | 1000 ᠲᠥᠭᠦᠷᠢᠭ ᠳᠡᠭᠡᠭᠰᠢᠯᠡᠭᠦᠯᠪᠡ︔ ᠬᠥᠬᠡᠭᠴᠢᠨ ᠲᠦᠷᠦᠯ ᠳᠤ 4 ᠵᠦᠢᠯ ᠤᠨ ᠡᠪᠡᠳᠴᠢᠨ᠂ ᠤᠯᠠᠭᠠᠨ | ᠲᠦᠷᠦᠯ ᠳᠤ 12 ᠵᠦᠢᠯ ᠤᠨ ᠡᠪᠡᠳᠴᠢᠨ ᠢ ᠪᠠᠭᠳᠠᠭᠠᠵᠣ᠂ ᠭᠤᠷᠪᠠᠨ ᠭᠠᠷᠴᠠᠭ ᠤᠨ ᠳᠣᠲᠣᠷᠠᠬᠢ ᠵᠦᠶ ᠵᠣᠬᠢᠰᠲᠠᠶ | ᠡᠮᠴᠢᠯᠡᠭᠡᠨ ᠤ ᠵᠠᠷᠤᠳᠠᠯ ᠢ 60% ᠪᠠᠷ ᠳᠠᠩᠰᠠ ᠳᠡᠶᠢᠯᠵᠦ᠂ ᠡᠬᠢᠯᠡᠵᠦ ᠳᠣᠰᠢᠶᠠᠬᠤ ᠪᠠᠷᠢᠮᠵᠢᠶ᠎ᠠ ᠲᠣᠭᠲᠠᠭᠠᠬᠤ ᠥᠬᠡᠶ᠂ | ᠵᠢᠯ ᠤᠨ ᠳᠡᠭᠡᠳᠦ ᠬᠢᠵᠠᠭᠠᠷ ᠨᠢ ᠲᠣᠰ ᠲᠣᠰ 5000 ᠲᠥᠭᠦᠷᠢᠭ ᠪᠠ 2000 ᠲᠥᠭᠦᠷᠢᠭ ᠪᠣᠯᠤᠨ᠎ᠠ᠃ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠲᠠᠩᠰᠠ ᠲᠠᠶᠢᠯᠬᠤ ᠬᠠᠷᠢᠴᠠᠯ ᠢ 10 ᠵᠠᠭᠤᠨ ᠤ ᠨᠢᠭᠡᠴᠢ ᠳᠡᠭᠡᠭᠰᠢᠯᠡᠭᠦᠯᠵᠦ᠂ | ᠳᠡᠭᠡᠳᠦ ᠬᠢᠵᠠᠭᠠᠷ ᠢ 1000 ᠲᠥᠭᠦᠷᠢᠭ ᠳᠡᠭᠡᠭᠰᠢᠯᠡᠭᠦᠯᠪᠡ᠃ | 6. ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ᠃ ᠡᠩ ᠤᠨ ᠡᠭᠦᠳᠡᠨ ᠡᠮᠨᠡᠯᠭᠡ ᠶᠢᠨ | ᠲᠠᠩᠰᠠ ᠲᠠᠶᠢᠯᠬᠤ ᠳᠤ ᠡᠬᠢᠯᠡᠵᠦ ᠳᠣᠰᠢᠶᠠᠬᠤ ᠱᠤᠭᠤᠮ ᠭᠠᠷᠭᠠᠬᠤ ᠥᠬᠡᠶ᠂ ᠵᠢᠯ ᠪᠦᠷᠢ ᠬᠠᠮᠤᠭ ᠤᠨ ᠥᠨᠳᠥᠷ | ᠳᠣᠰᠢᠶᠠᠬᠤ ᠬᠢᠵᠠᠭᠠᠷ ᠲᠤᠭ᠎ᠠ ᠶᠢ 100 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠲᠣᠭᠲᠠᠭᠠᠯ ᠳᠤ | ᠨᠡᠶᠢᠴᠡᠭᠰᠡᠨ ᠭᠠᠭᠴᠠ ᠤᠳᠠᠭᠠᠨ ᠤ ᠡᠭᠦᠳᠡᠨ ᠡᠮᠨᠡᠯᠭᠡ ᠶᠢᠨ ᠵᠠᠷᠤᠳᠠᠯ ᠢ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ | ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠠᠴᠠ 50% ᠪᠠᠷ ᠳᠠᠩᠰᠠ ᠳᠠᠶᠢᠯᠬᠤ ᠪᠣᠯᠣᠨ᠎ᠠ᠃ | ᠣᠨᠣᠰᠢᠯᠠᠨ ᠡᠮᠨᠡᠬᠦ ᠵᠠᠷᠤᠳᠠᠯ ᠨᠢ ᠤᠳᠠᠭ᠎ᠠ ᠪᠦᠷᠢ 10 ᠲᠥᠭᠦᠷᠢᠭ ︵ᠳᠠᠩᠰᠠ ᠲᠠᠶᠢᠯᠬᠤ ᠳᠤ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠦᠩᠬᠦ ᠠᠴᠠ 8 ᠲᠥᠭᠦᠷᠢᠭ᠂ ᠬᠤᠪᠢ ᠬᠥᠮᠦᠨ 2 ᠲᠥᠭᠦᠷᠢᠭ︶᠂ ᠣᠯᠠᠨ ᠵᠦᠢᠯ ᠤᠨ | ᠣᠨᠣᠰᠢᠯᠠᠨ ᠡᠮᠨᠡᠬᠦ ᠳᠤ ᠵᠥᠪᠬᠡᠨ ᠨᠢᠭᠡ ᠯᠡ ᠤᠳᠠᠭ᠎ᠠ ᠰᠦᠢᠳᠬᠡᠯ ᠬᠤᠷᠢᠶᠠᠨ᠎ᠠ᠃ | | ᠬᠤᠶᠠᠷ᠂ ᠲᠥᠷᠥᠯ ᠬᠤᠪᠢ᠊ᠶᠠᠨ ᠠᠪᠤᠷᠠᠨ ᠵᠠᠰᠠᠬᠤ | ︵1︶ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠬᠤ ᠠᠵᠢᠯᠯᠠᠭ᠎ᠠ᠃ ︽ᠳᠥᠷᠪᠡ ᠶᠢ ᠲᠣᠭᠲᠠᠭᠠᠵᠤ | ᠬᠤᠶᠠᠷ ᠢ ᠴᠢᠩᠭᠠᠳᠬᠠᠬᠤ︾ ᠶᠣᠰᠣᠭᠠᠷ 30 ᠵᠦᠢᠯ ᠤᠨ ᠬᠦᠨᠳᠦ ᠡᠪᠡᠳᠴᠢᠨ ᠳᠤ ᠨᠡᠷᠪᠡᠭᠳᠡᠭᠰᠡᠨ ᠮᠠᠯᠵᠢᠬᠤ | ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠥᠪᠯᠡᠷᠡᠭᠦᠯᠦᠨ ᠠᠪᠣᠷᠠᠨ ᠵᠠᠰᠠᠨ᠎ᠠ᠃ | ︵2︶ ᠭᠡᠷ᠎ᠡ ᠲᠣᠭᠲᠠᠬᠤ ᠦᠢᠯᠡᠴᠢᠯᠡᠭᠡ᠃ ᠣᠳᠠᠭᠠᠨ ᠴᠢᠨᠠᠷᠳᠠᠢ ᠡᠪᠡᠳᠴᠢᠨ ᠳᠤ ᠨᠡᠷᠪᠡᠭᠳᠡᠭᠰᠡᠨ ᠮᠠᠯᠵᠢᠬᠤ | ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠳᠤ ᠭᠡᠷ᠎ᠡ ᠳᠣᠭᠳᠠᠬᠤ ᠦᠢᠯᠡᠴᠢᠯᠡᠬᠡᠨ ᠤ | ᠬᠠᠮᠢᠶᠠᠷᠤᠯᠲᠠ ᠶᠢ ᠬᠡᠷᠡᠭᠵᠢᠭᠦᠯᠵᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ᠂ ᠬᠡᠷ᠎ᠡ ᠳᠣᠭᠳᠠᠬᠤ | ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠥᠷᠨᠢᠭᠦᠯᠦᠨ᠎ᠡ᠃ | ︵3︶ ᠬᠦᠨᠳᠦ ᠡᠪᠡᠳᠴᠢᠨ ᠤ ᠦᠨᠳᠦᠰᠦᠨ ᠵᠦᠢᠯ ᠢ ᠪᠠᠲᠤᠯᠠᠬᠤ ᠲᠣᠭᠲᠠᠴᠠ᠄ ᠡᠯ᠎ᠡ ᠵᠦᠢᠯ ᠤᠨ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠬᠦᠨᠳᠦ ᠡᠪᠡᠳᠴᠢᠨ ᠤ ᠦᠨᠳᠦᠰᠦᠨ | ᠵᠦᠢᠯ ᠢ ᠪᠠᠳᠣᠯᠠᠨ᠎ᠠ᠃ | | ᠭᠤᠷᠪᠠ᠂ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠣᠳᠣᠯᠲᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ︽ᠨᠢᠭᠡ ᠥᠷᠲᠡᠭᠡ ᠮᠠᠶ᠋ᠢᠭ︾ | ᠤᠨ ᠮᠡᠳᠡᠭᠡ ᠵᠠᠩᠭᠢ ᠶᠢ ᠵᠣᠯᠭᠠᠭᠤᠯᠬᠤ ᠪᠠ ᠲᠡᠷᠡ ᠳᠠᠷᠤᠶ ᠳᠤᠨᠢ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ | | ᠳᠥᠷᠪᠡ᠂ ᠦᠨ᠎ᠡ ᠲᠦᠯᠦᠪᠦᠷᠢ ᠦᠬᠡᠢ ᠡᠷᠡᠭᠦᠯ ᠮᠡᠨᠳᠦ ᠶᠢᠨ ᠪᠠᠶᠢᠴᠠᠭᠠᠯᠲᠠ᠃ ᠳᠠᠩᠰᠠᠯᠠᠵᠦ ᠺᠠᠷᠲᠯᠠᠭᠰᠠᠨ | ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠳᠤ ᠵᠢᠯ ᠪᠦᠷᠢ ᠲᠦᠪᠯᠡᠷᠡᠭᠦᠯᠦᠨ ᠨᠢᠭᠡ ᠤᠳᠠᠭ᠎ᠠ ᠦᠨ᠎ᠡ | ᠲᠦᠯᠦᠪᠦᠷᠢ ᠥᠬᠡᠶ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠠ᠃ | | | | |