ᠶᠠᠳᠠᠭᠤ ᠶᠢ ᠳᠡᠳᠬᠦᠬᠦ ᠳᠦᠷᠦ ᠶᠢᠨ ᠪᠣᠳᠣᠯᠭ᠎ᠠ  ︵  ᠬᠤᠶᠠᠷ︶
ᠨᠡᠶᠢᠲᠡᠯᠡᠭᠰᠡᠨ ᠴᠠᠭ᠄
2020/6/12
ᠰᠣᠷᠭᠠᠨ ᠬᠦᠮᠦᠵᠢᠯ᠄ᠨᠢᠬᠡ᠂ ᠠᠯᠪᠠᠨ ᠵᠢᠷᠤᠮ ᠤᠨ ᠰᠤᠷᠭᠠᠨ ᠭᠥᠮᠤᠵᠢᠯ ᠤᠨ ᠰᠤᠷᠤᠯᠭ᠎ᠠ ᠶᠢᠨ ᠲᠡᠳᠭᠦᠮᠵᠢ᠃ ᠡᠷᠢᠶᠠᠨ ᠬᠤᠳᠠ ᠶᠢᠨ ᠠᠯᠪᠠᠨ ᠵᠢᠷᠤᠮ ᠤᠨ ᠰᠤᠷᠭᠠᠨ ᠭᠥᠮᠥᠵᠢᠯ ᠭᠥᠷᠳᠠᠵᠤ ᠪᠠᠶᠢᠭ᠎ᠠ ᠰᠤᠷᠤᠭᠴᠢ ᠪᠠᠭᠳᠠᠨ᠎ᠠ  ᠃ ᠲᠡᠳᠭᠦᠮᠵᠢ ᠤᠯᠭᠤᠬᠤ ᠪᠠᠷᠢᠮᠵᠢᠶ᠎ᠠ᠄ ᠰᠤᠷᠤᠯᠭ᠎ᠠ ᠶᠢᠨ ᠰᠤᠶᠢᠳᠭᠡᠯ᠂ ᠬᠢᠴᠢᠶᠡᠯ ᠤᠨ ᠲᠡᠪᠳᠡᠷ ᠤᠨ ᠰᠤᠶᠢᠳᠭᠡᠯ᠂ ᠪᠠᠶᠢᠷᠢ ᠶᠢᠨ ᠰᠥᠢᠳᠭᠡᠯ ᠢ ᠬᠡᠯᠳᠦᠷᠢᠭᠦᠯᠦᠨ᠎ᠡ︔ ᠭᠡᠷ ᠪᠥᠯᠢ ᠶᠢᠨ ᠠᠵᠤ ᠠᠬᠤᠢ ᠨᠢ ᠭᠥᠴᠢᠷᠳᠡᠯᠳᠡᠢ ᠪᠠᠶᠢᠷᠢ ᠳᠤ ᠰᠠᠭᠤᠭ᠎ᠠ ᠰᠤᠷᠤᠠᠠᠴᠢ ᠳᠤ ᠠᠮᠢᠳᠤᠷᠠᠯ ᠤᠨ ᠰᠤᠶᠢᠳᠬᠡᠯ ᠤᠨ ᠨᠥᠭᠦᠪᠤᠷᠢ ᠤᠯᠭᠤᠬᠤ ᠪᠠᠷᠢᠮᠵᠢᠶ᠎ᠠ ᠨᠢ ᠬᠢᠳᠡᠳ ᠢᠶᠠᠷ ᠬᠢᠴᠢᠶᠠᠯᠯᠠᠵᠤ ᠪᠠᠶᠢᠭ᠎ᠠ ᠪᠠᠭ᠎ᠠ ᠰᠤᠷᠭᠠᠭᠠᠤᠯᠢ ᠶᠢᠨ ᠰᠤᠷᠤᠭᠴᠢ ᠨᠢᠭᠡᠪᠦᠷᠢ ᠵᠢᠯ ᠪᠥᠷᠢ1000 ᠲᠥᠭᠦᠷᠢᠭ᠂ ᠠᠩᠬ᠎ᠠ ᠲᠤᠮᠳᠠᠳᠤ ᠶᠢᠨ ᠰᠤᠷᠤᠭᠴᠢ ᠨᠢᠭᠡᠪᠦᠷᠢ ᠵᠢᠯ ᠪᠥᠷᠢ 1250 ᠲᠥᠭᠦᠷᠢᠭ ︵ᠪᠠᠶᠢᠷᠢ ᠳᠤ ᠰᠠᠭᠤᠭ᠎ᠠ ᠰᠤᠷᠤᠠᠠᠴᠢᠳ ᠲᠤ 60% ᠶᠢᠨ ᠬᠠᠷᠢᠴᠠᠯ ᠢᠶᠠᠷ ᠤᠯᠭᠤᠨ᠎ᠠ︶︔ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠪᠠᠶᠢᠷᠢ ᠳᠤ ᠰᠠᠭᠤᠭ᠎ᠠ ᠰᠤᠷᠤᠠᠠᠴᠢ ᠶᠢᠨ ᠠᠮᠢᠳᠤᠷᠠᠯ ᠤᠨ ᠨᠥᠭᠦᠪᠤᠷᠢ ᠶᠢᠨ ᠪᠠᠷᠢᠮᠵᠢᠶ᠎ᠠ ᠨᠢ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠥᠷᠢ 1350 ᠲᠥᠭᠦᠷᠢᠭ᠂ ᠠᠩᠬ᠎ᠠ ᠲᠤᠮᠳᠠᠳᠤ ᠶᠢᠨ ᠰᠤᠷᠤᠭᠴᠢ ᠨᠢᠭᠡᠪᠦᠷᠢ ᠵᠢᠯ ᠪᠥᠷᠢ 1620 ᠲᠥᠭᠦᠷᠢᠭ︔ ᠬᠡᠷ ᠪᠥᠯᠢ ᠶᠢᠨ ᠠᠵᠤ ᠠᠬᠤᠢ ᠨᠢ ᠤᠡᠴᠨ ᠭᠥᠴᠢᠷᠳᠡᠯᠳᠡᠢ ᠰᠤᠷᠤᠠᠠᠴᠢ ︵ᠪᠥᠭᠦ ᠰᠤᠷᠭᠠᠭᠤᠯᠢ ᠶᠢᠨ ᠰᠤᠷᠤᠠᠠᠴᠢᠳ  ᠲᠤ 15% ᠶᠢᠨ ᠬᠠᠷᠢᠴᠠᠯ ᠢᠶᠠᠷ ᠣᠯᠭᠤᠨ᠎ᠠ︶ ᠶᠢᠨ ᠰᠤᠷᠤᠯᠭ᠎ᠠ ᠶᠢᠨ ᠬᠡᠷᠡᠭᠰᠠᠯ ᠤᠨ ᠨᠥᠭᠦᠪᠥᠷᠢ ᠶᠢᠨ ᠪᠠᠷᠢᠮᠵᠢᠶ᠎ᠠ  ᠨᠢ ᠪᠠᠭ᠎ᠠ ᠰᠤᠷᠭᠠᠭᠤᠯᠢ ᠶᠢᠨ  ᠰᠤᠷᠤᠠᠠᠴᠢ ᠨᠢᠭᠡᠪᠦᠷᠢ ᠵᠢᠯ ᠪᠥᠷᠢ 90 ᠲᠥᠭᠦᠷᠢᠭ᠂ ᠠᠩᠬ᠎ᠠ ᠲᠤᠮᠳᠠᠳᠤ ᠶᠢᠨ ᠰᠤᠷᠤᠭᠴᠢ ᠨᠢᠭᠡᠪᠦᠷᠢ ᠵᠢᠯ ᠪᠥᠷᠢ 120 ᠲᠥᠭᠦᠷᠢᠭ︔ ᠳᠠᠩᠰᠠᠯᠠᠵᠣ ᠺᠠᠷᠲᠯᠠᠭᠰᠠᠨ ᠶᠠᠳᠠᠭᠤ ᠬᠦᠴᠢᠷᠳᠡᠯᠳᠡᠢ ᠰᠣᠷᠣᠭᠴᠢ ᠵᠢᠴᠢ ᠳᠠᠩᠰᠠᠯᠠᠵᠣ ᠺᠠᠷᠲᠯᠠᠭᠰᠠᠨ ᠦᠬᠡᠢ ᠭᠡᠷ ᠪᠦᠯᠢ ᠶᠢᠨ ᠠᠵᠣ ᠠᠬᠤᠢ ᠨᠢ ᠬᠦᠴᠢᠷᠳᠡᠯᠳᠡᠢ ᠵᠡᠮᠳᠡᠭ ᠰᠣᠷᠣᠭᠴᠢ᠂ ᠬᠦᠳᠡᠭᠡ ᠳᠣᠰᠬᠤᠨ ᠤ ᠳᠣᠣᠷ᠎ᠠ ᠪᠠᠳᠣᠯᠠᠭᠠᠳᠣ ᠡᠷᠦᠬᠡ ᠶᠢᠨ ᠰᠣᠷᠣᠭᠴᠢ᠂ ᠬᠦᠳᠡᠭᠡ ᠳᠣᠰᠬᠤᠨ ᠤ ᠣᠨᠴᠠ ᠬᠦᠴᠢᠷᠳᠡᠯᠳᠡᠢ ᠠᠪᠣᠷᠠᠨ ᠳᠣᠰᠠᠯᠠᠮᠵᠢ ᠬᠦᠷᠳᠡᠵᠣ ᠪᠠᠶᠢᠭ᠎ᠠ ᠰᠣᠷᠣᠭᠴᠢ ᠵᠡᠷᠭᠡ ᠲᠦᠷᠪᠡᠨ ᠲᠦᠷᠦᠯ ᠤᠨ ᠭᠡᠷ ᠪᠦᠯᠢ ᠶᠢᠨ ᠠᠵᠣ ᠠᠬᠤᠢ ᠨᠢ ᠬᠦᠴᠢᠷᠳᠡᠯᠳᠡᠢ ᠪᠠᠶᠢᠷᠢ ᠳᠤ ᠰᠠᠭᠤᠵᠤ ᠥᠬᠡᠢ ᠰᠤᠷᠤᠠᠠᠴᠢ ᠶᠢ ᠨᠥᠭᠦᠪᠤᠷᠢ ᠣᠯᠭᠤᠬᠤ ᠬᠦᠷᠢᠶᠡᠨ ᠳᠤ ᠬᠠᠮᠣᠷᠣᠭᠤᠯᠵᠣ᠂ ᠨᠦᠬᠦᠪᠦᠷᠢ ᠣᠯᠭᠤᠬᠤ ᠪᠠᠷᠢᠮᠵᠢᠶ᠎ᠠ ᠨᠢ ᠪᠠᠭ᠎ᠠ ᠰᠤᠷᠭᠠᠭᠤᠯᠢ ᠶᠢᠨ ᠰᠤᠷᠤᠠᠠᠴᠢ ᠨᠢᠭᠡᠪᠦᠷᠢ ᠵᠢᠯ ᠪᠥᠷᠢ 500 ᠲᠥᠭᠦᠷᠢᠭ᠂ ᠠᠩᠬ᠎ᠠ ᠲᠤᠮᠳᠠᠳᠤ ᠶᠢᠨ ᠰᠤᠷᠤᠠᠠᠴᠢ ᠨᠢᠭᠡᠪᠦᠷᠢ ᠵᠢᠯ ᠪᠥᠷᠢ 625 ᠲᠥᠭᠦᠷᠢᠭ᠃ ᠳᠠᠷᠬᠠᠭᠠᠨ ᠣᠯᠭᠤᠬᠤ ᠠᠷᠭ᠎ᠠ ᠭᠡᠯᠪᠡᠷᠢ᠄ ᠰᠤᠷᠤᠯᠭ᠎ᠠ ᠶᠢᠨ ᠰᠤᠶᠢᠳᠭᠡᠯ᠂ ᠬᠢᠴᠢᠶᠡᠯ ᠤᠨ ᠲᠡᠪᠳᠡᠷ ᠤᠨ ᠰᠤᠶᠢᠳᠭᠡᠯ ᠢ ᠰᠢᠭᠤᠳ ᠬᠡᠯᠳᠦᠷᠢᠭᠦᠯᠦᠨ᠎ᠡ᠃ ᠭᠡᠷ ᠪᠥᠯᠢ ᠶᠢᠨ ᠠᠵᠣ ᠠᠬᠤᠢ ᠨᠢ ᠭᠥᠴᠢᠷᠳᠡᠯᠳᠡᠢ ᠪᠠᠶᠢᠷᠢ ᠳᠤ ᠰᠠᠭᠤᠭ᠎ᠠ ᠰᠤᠷᠤᠠᠠᠴᠢ  ᠶᠢᠨ  ᠠᠮᠢᠳᠣᠷᠠᠯ ᠤᠨ ᠨᠥᠭᠦᠪᠥᠷᠢ᠂ ᠳᠠᠩᠰᠠᠯᠠᠵᠣ ᠺᠠᠷᠲᠯᠠᠭᠰᠠᠨ ᠵᠡᠷᠭᠡ ᠲᠦᠷᠪᠡᠨ ᠲᠦᠷᠦᠯ ᠤᠨ ᠭᠡᠷ ᠪᠥᠯᠢ ᠶᠢᠨ ᠠᠵᠣ ᠠᠬᠤᠢ ᠨᠢ ᠬᠦᠴᠢᠷᠳᠡᠯᠳᠡᠢ ᠪᠠᠶᠢᠷᠢ ᠳᠤ ᠰᠠᠭᠤᠬᠤ ᠦᠬᠡᠢ ᠰᠣᠷᠣᠭᠴᠢ ᠶᠢᠨ ᠨᠦᠬᠦᠪᠦᠷᠢ ᠪᠠ ᠭᠡᠷ ᠪᠦᠯᠢ ᠶᠢᠨ ᠠᠵᠣ ᠠᠬᠤᠢ ᠨᠢ ᠤᠡᠴᠨ ᠭᠥᠴᠢᠷᠳᠡᠯᠳᠡᠢ ᠰᠤᠷᠤᠠᠠᠴᠢ ᠶᠢᠨ ᠰᠤᠷᠤᠯᠭ᠎ᠠ ᠶᠢᠨ ᠬᠡᠷᠡᠭᠰᠡᠯ ᠤᠨ ᠨᠥᠭᠦᠪᠥᠷᠢ ᠶᠢ ᠳᠠᠷᠬᠠᠭᠠᠬᠤ ᠳᠤ ᠰᠤᠷᠤᠠᠠᠴᠢ ᠠᠴᠠ ᠰᠣᠷᠭᠠᠭᠤᠯᠢ ᠳᠤ ᠭᠤᠶᠣᠴᠢᠯᠠᠯ ᠳᠡᠪᠰᠢᠭᠦᠯᠦᠨ᠂ ᠰᠤᠷᠭᠠᠭᠤᠯᠢ ᠶᠢᠨ ᠰᠤᠷᠤᠠᠠᠴᠢ  ᠶᠢᠨ ᠰᠤᠷᠤᠯᠭ᠎ᠠ ᠶᠢᠨ ᠲᠡᠳᠭᠦᠮᠵᠢ ᠶᠢᠨ ᠬᠠᠮᠢᠶ᠎ᠠ ᠪᠥᠭᠦᠢ ᠰᠠᠯᠠᠭ᠎ᠠ ᠮᠥᠴᠢᠷ ᠠᠴᠠ ᠥᠨᠠᠯᠠᠯᠳᠠ ᠬᠢᠵᠤ᠂ ᠬᠢᠨᠠᠨ ᠬᠠᠷᠭᠤᠭᠤᠯᠵᠣ᠂ ᠨᠡᠶᠢᠳᠡ ᠳᠤ ᠵᠠᠷᠯᠠᠬᠤ ᠪᠠᠷ ᠲᠠᠮᠵᠢᠨ ᠣᠨᠳᠣᠣ ᠰᠠᠨᠠᠯ ᠭᠠᠷᠣᠭᠰᠠᠨ ᠦᠬᠡᠢ ᠪᠣᠯ ᠨᠦᠬᠦᠪᠦᠷᠢ ᠶᠢ ᠳᠠᠷᠬᠠᠭᠠᠨ᠎ᠠ᠃ᠬᠤᠶᠠᠷ᠂ ᠥᠡᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠤ ᠰᠤᠷᠤᠯᠭ᠎ᠠ ᠶᠢᠨ ᠲᠡᠳᠭᠦᠮᠵᠢ᠃ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠡᠷᠤᠭᠡ ᠠᠮᠠ ᠶᠢᠨ ᠲᠠᠩᠰᠠ ᠲᠠᠢ ᠮᠥᠷᠳᠡᠭᠡᠨ ᠡᠷᠭᠡᠪᠰᠢ ᠠᠶᠢᠮᠠᠭ ᠤᠨ ᠬᠡᠪᠴᠢᠶᠡᠨ ᠳᠠᠬᠢ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠰᠤᠷᠭᠠᠨ ᠭᠥᠮᠤᠵᠢᠯ ᠭᠥᠷᠳᠡᠵᠤ ᠪᠠᠶᠢᠭ᠎ᠠ ᠵᠢᠩᠭᠢᠨᠢ ᠪᠠᠷ ᠲᠠᠩᠰᠠᠯᠠᠭᠤᠯᠤᠠᠠᠰᠠᠠ ᠰᠤᠷᠭᠠᠭᠤᠯᠢ ᠶᠢᠨ ᠬᠠᠷᠢᠶᠠᠯᠠᠯ ᠲᠠᠢ ᠪᠥᠭᠦᠯᠢ ᠡᠳᠤᠷ ᠤᠨ ᠲᠥᠷᠢᠮᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠠᠠᠴᠢ ᠶᠢ ᠪᠠᠭᠳᠠᠭᠠᠨ᠎ᠠ᠃ᠲᠡᠳᠭᠦᠮᠵᠢ ᠤᠯᠭᠤᠬᠤ ᠪᠠᠷᠢᠮᠵᠢᠶ᠎ᠠ᠄ ᠰᠤᠷᠤᠯᠭ᠎ᠠ ᠶᠢᠨ ᠰᠤᠶᠢᠳᠭᠡᠯ ᠢ ᠬᠡᠯᠳᠤᠷᠢᠭᠦᠯᠵᠤ᠂ ᠰᠤᠷᠬᠤ ᠪᠢᠴᠢᠭ ᠢ ᠰᠤᠶᠢᠳᠭᠡᠯ ᠥᠬᠡᠢ ᠪᠠᠷ ᠬᠠᠩᠭᠠᠵᠤ᠂ ᠪᠠᠶᠢᠷᠢ ᠳᠤ ᠰᠠᠭᠤᠭ᠎ᠠ ᠰᠤᠷᠤᠠᠠᠴᠢ ᠶᠢᠨ ᠪᠠᠶᠢᠷᠢ ᠶᠢᠨ ᠰᠤᠶᠢᠳᠭᠡᠯ ᠢ ᠰᠣᠷᠣᠭᠴᠢ ᠨᠢᠭᠡᠪᠦᠷᠢ ᠳᠤ ᠵᠢᠯ ᠪᠦᠷᠢ 400 ᠲᠦᠭᠦᠷᠢᠭ ᠨᠦᠬᠦᠪᠦᠷᠢᠯᠡᠨ᠎ᠡ︔ ᠤᠯᠤᠰ ᠤᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦ ᠣᠯᠭᠤᠬᠤ ᠪᠠᠷᠢᠮᠵᠢᠶ᠎ᠠ ᠨᠢ ᠰᠤᠷᠤᠠᠠᠴᠢ ᠨᠢᠭᠡᠪᠦᠷᠢ ᠵᠢᠯ ᠪᠥᠷᠢ 2000 ᠲᠥᠭᠦᠷᠢᠭ ︵ᠡᠩ  ᠤᠨ ᠳᠣᠮᠳᠠᠳᠣ ᠰᠣᠷᠭᠠᠭᠤᠯᠢ ᠳᠤ ᠰᠠᠭᠤᠭ᠎ᠠ ᠭᠡᠷ ᠪᠥᠯᠢ ᠶᠢᠨ ᠠᠵᠤ ᠠᠬᠤᠢ ᠨᠢ ᠭᠥᠴᠢᠷᠳᠡᠯᠳᠡᠢ ᠰᠤᠷᠤᠠᠠᠴᠢ ᠳᠤ 30% ᠶᠢᠨ ᠬᠠᠷᠢᠴᠠᠯ ᠢᠶᠠᠷ ᠤᠯᠭᠤᠨ᠎ᠠ︶︔ ᠮᠤᠩᠭᠤᠯ ᠢᠶᠠᠷ ᠬᠢᠴᠢᠶᠠᠯᠯᠠᠵᠤ ᠪᠠᠶᠢᠭ᠎ᠠ ᠪᠠᠶᠢᠷᠢ ᠶᠢᠨ ᠰᠤᠷᠣᠠᠠᠴᠢ ᠶᠢᠨ ᠠᠮᠢᠳᠤᠷᠠᠯ ᠤᠨ ᠨᠥᠭᠦᠪᠤᠷᠢ ᠤᠯᠭᠤᠬᠤ ᠪᠠᠷᠢᠮᠵᠢᠶ᠎ᠠ ᠨᠢ ᠰᠤᠷᠤᠠᠠᠴᠢ ᠨᠢᠬᠡᠪᠤᠷᠢ ᠵᠢᠯ ᠪᠥᠷᠢ 1890 ᠲᠥᠭᠦᠷᠢᠭ᠂ ᠦᠨᠳᠦᠰᠦᠳᠡᠨ ᠤ ᠰᠤᠷᠭᠠᠨ ᠬᠦᠮᠦᠵᠢᠯ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠᠷᠢᠮᠵᠢᠶ᠎ᠠ ᠨᠢ ᠰᠤᠷᠤᠠᠠᠴᠢ ᠨᠢᠭᠡᠪᠦᠷᠢ ᠳᠤ ᠵᠢᠯ ᠪᠥᠷᠢ 1000 ᠲᠥᠭᠦᠷᠢᠭ ︵ᠵᠠᠪᠠᠯ ᠠᠶᠢᠮᠠᠭ ᠤᠨ ᠭᠡᠪᠴᠢᠶᠡᠨ ᠳᠠᠬᠢ ᠡᠩ ᠤᠨ ᠥᠡᠳᠤᠷ ᠵᠡᠷᠭᠡ ᠶᠢᠨ ᠲᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠢᠯᠢ ᠶᠢᠨ ᠭᠤᠤᠯ ᠠᠶᠢᠮᠠᠭ ᠤᠨ ᠡᠷᠤᠭᠡ ᠠᠮᠠ ᠲᠠᠢ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠰᠤᠷᠤᠠᠠᠴᠢᠳ ᠲᠤᠰ ᠨᠥᠭᠦᠪᠤᠷᠢ ᠶᠢ ᠭᠥᠷᠳᠠᠨ᠎ᠠ︶᠃ᠲᠠᠷᠬᠠᠭᠠᠨ ᠣᠯᠭᠤᠬᠤ ᠠᠷᠭ᠎ᠠ ᠬᠡᠯᠪᠡᠷᠢ᠄ ᠡᠩ ᠤᠨ ᠥᠡᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠤᠯᠤᠰ ᠤᠨ ᠲᠡᠰ ᠤᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦ ᠶᠢ ᠰᠣᠷᠣᠭᠴᠢ ᠠᠴᠠ ᠰᠣᠷᠭᠠᠭᠤᠯᠢ ᠳᠤ ᠭᠤᠶᠣᠴᠢᠯᠠᠯ ᠳᠡᠪᠰᠢᠭᠦᠯᠦᠨ᠂ ᠱᠠᠭᠠᠷᠳᠠᠯᠭ᠎ᠠ ᠶᠣᠰᠣᠭᠠᠷ ᠭᠤᠶᠣᠴᠢᠯᠠᠯ ᠤᠨ ᠭᠥᠰᠥᠨᠥᠭᠳᠥ ᠶᠢ ᠲᠬᠠᠯᠠᠵᠤ᠂ ᠬᠠᠮᠢᠶ᠎ᠠ ᠪᠥᠭᠦᠢ ᠭᠡᠷᠡᠴᠢ ᠮᠠᠲ᠋ᠧᠷᠢᠶᠠᠯ ᠢᠶᠠᠨ ᠰᠤᠷᠭᠠᠭᠤᠯᠢ ᠳᠤ ᠬᠠᠩᠭᠠᠵᠣ᠂ ᠰᠤᠷᠭᠠᠭᠤᠯᠢ ᠶᠢᠨ ᠰᠤᠷᠤᠯᠭ᠎ᠠ ᠶᠢᠨ ᠲᠡᠳᠭᠦᠮᠵᠢ ᠶᠢᠨ ᠦᠨᠡᠯᠡᠨ ᠳᠣᠭᠳᠠᠭᠠᠬᠤ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠵᠣ᠂ ᠨᠡᠶᠢᠳᠡ ᠳᠤ ᠵᠠᠷᠯᠠᠨ ᠣᠨᠳᠣᠣ ᠰᠠᠨᠠᠯ ᠭᠠᠷᠣᠭᠰᠠᠨ ᠥᠬᠡᠢ ᠪᠣᠯ ᠳᠡᠳᠭᠦᠮᠵᠢ ᠶᠢᠨ ᠮᠦᠩᠭᠦ ᠶᠢ ᠳᠠᠷᠬᠠᠭᠠᠨ᠎ᠠ᠃ ᠥᠡᠳᠤᠰᠤᠳᠠᠨ ᠤ ᠰᠣᠷᠭᠠᠨ ᠬᠦᠮᠦᠵᠢᠯ ᠤᠨ ᠰᠤᠷᠤᠯᠭ᠎ᠠ  ᠶᠢᠨ ᠲᠡᠳᠭᠦᠮᠵᠢ ᠶᠢ ᠰᠤᠷᠭᠠᠭᠤᠯᠢ ᠶᠢᠨ ᠰᠤᠷᠤᠯᠭ᠎ᠠ ᠶᠢᠨ ᠲᠡᠳᠭᠦᠮᠵᠢ ᠶᠢᠨ ᠬᠠᠮᠢᠶᠠᠷᠣᠯᠳᠠ ᠶᠢᠨ ᠰᠠᠯᠠᠭ᠎ᠠ ᠮᠦᠴᠢᠷ  ᠠᠴᠠ ᠨᠥᠭᠦᠴᠠᠯ ᠳᠤ ᠨᠡᠶᠢᠴᠡᠭᠰᠡᠡ ᠰᠤᠷᠤᠠᠠᠴᠢ ᠳᠤ ᠥᠨᠠᠯᠠᠨ ᠲᠤᠠᠠᠳᠠᠭᠠᠯᠳᠠ ᠬᠢᠵᠤ᠂ ᠬᠢᠨᠠᠨ ᠬᠠᠷᠭᠤᠭᠤᠯᠵᠣ᠂ ᠨᠡᠶᠢᠳᠡ ᠳᠤ ᠵᠠᠷᠯᠠᠨ ᠣᠨᠳᠣᠣ ᠰᠠᠨᠠᠯ ᠭᠠᠷᠣᠭᠰᠠᠨ ᠥᠬᠡᠢ ᠪᠣᠯ ᠳᠡᠳᠭᠦᠮᠵᠢ ᠶᠢᠨ ᠮᠦᠩᠭᠦ ᠶᠢ ᠳᠠᠷᠬᠠᠭᠠᠨ᠎ᠠ᠃ ᠪᠠᠶᠢᠷᠢ  ᠳᠤ ᠰᠠᠭᠤᠭ᠎ᠠ ᠰᠣᠷᠣᠭᠴᠢ ᠶᠢᠨ ᠪᠠᠶᠢᠷᠢ ᠶᠢᠨ ᠰᠦᠢᠳᠭᠡᠯ ᠢ ᠬᠠᠰᠣᠬᠤ ᠪᠣᠶᠣ ᠬᠡᠯᠳᠦᠷᠢᠭᠦᠯᠦᠨ᠎ᠡ᠃ᠭᠤᠷᠪᠠ᠂ ᠳᠣᠮᠳᠠ ᠵᠡᠷᠭᠡ ᠶᠢᠨ ᠠᠵᠢᠯ ᠮᠠᠷᠭᠡᠵᠢᠯ ᠤᠨ ᠰᠣᠷᠭᠠᠭᠤᠯᠢ ᠶᠢᠨ ᠰᠤᠷᠤᠯᠭ᠎ᠠ ᠶᠢᠨ ᠲᠡᠳᠭᠦᠮᠵᠢ᠄ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠡᠷᠤᠬᠡ ᠠᠮᠠ ᠶᠢᠨ ᠲᠡᠩᠰᠠ ᠲᠠᠢ ᠪᠠᠶᠢᠵᠤ᠂ ᠳᠣᠮᠳᠠ ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠭᠥᠮᠤᠵᠢᠯ ᠭᠥᠷᠳᠡᠵᠤ ᠪᠠᠶᠢᠭ᠎ᠠ ᠮᠥᠷᠳᠡᠭᠡᠨ ᠪᠥᠭᠦᠯᠢ ᠡᠳᠤᠷ ᠤᠨ ᠲᠥᠷᠢᠮᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠢᠩᠬᠢᠨᠢ ᠪᠠᠷ ᠲᠠᠩᠰᠠᠯᠠᠭᠤᠯᠤᠠᠠᠰᠠᠨ ᠰᠤᠷᠭᠠᠭᠤᠯᠢ ᠶᠢᠨ ᠬᠠᠷᠢᠶᠠᠯᠠᠯ ᠲᠠᠢ ᠨᠢᠭᠡᠳᠦᠭᠡᠷ ᠣᠨ᠂ ᠬᠤᠶᠠᠳᠣᠭᠠᠷ ᠣᠨ᠂ ᠭᠤᠷᠪᠠᠳᠣᠭᠠᠷ ᠣᠨ ᠤ ᠰᠣᠷᠭᠠᠭᠤᠯᠢ ᠳᠤ ᠰᠠᠭᠤᠭ᠎ᠠ ᠰᠤᠷᠤᠠᠠᠴᠢ ᠶᠢ ᠪᠠᠭᠳᠠᠭᠠᠨ᠎ᠠ ︵ᠠᠵᠢᠯ ᠰᠤᠷᠤᠯᠴᠠᠯᠭ᠎ᠠ ᠶᠢ ᠡᠭᠡᠯᠵᠢᠯᠡᠭᠰᠡᠡ ᠨᠠᠰᠤᠨ ᠳᠤ ᠭᠥᠷᠤᠭ᠍ᠰᠡᠳ ᠤᠨ ᠲᠣᠮᠳᠠ ᠵᠡᠷᠭᠡ ᠶᠢᠨ ᠲᠣᠰᠬᠠᠢ ᠮᠡᠷᠭᠡᠵᠢᠯ ᠤᠨ ᠰᠣᠷᠭᠠᠭᠤᠯᠢ ᠶᠢᠨ ᠰᠣᠷᠤᠠᠠᠴᠢ ᠶᠢ ᠪᠠᠨᠳᠠᠭᠠᠬᠤ ᠥᠬᠡᠢ︶᠃ᠲᠡᠳᠭᠦᠮᠵᠢ ᠤᠯᠭᠤᠬᠤ ᠪᠠᠷᠢᠮᠵᠢᠶ᠎ᠠ᠄ ᠰᠤᠷᠤᠯᠭ᠎ᠠ ᠶᠢᠨ ᠰᠣᠶᠢᠳᠭᠡᠯ᠂ ᠰᠤᠷᠬᠤ ᠪᠢᠴᠢᠭ ᠢ ᠰᠤᠶᠢᠳᠬᠡᠯ ᠬᠤᠷᠢᠶᠠᠬᠤ ᠥᠬᠡᠢ ᠪᠠᠷ ᠬᠠᠩᠭᠠᠵᠣ᠂ ᠪᠠᠶᠢᠷᠢ ᠳᠤ ᠰᠠᠭᠤᠭ᠎ᠠ ᠰᠤᠷᠤᠠᠠᠴᠢ ᠶᠢᠨ ᠪᠠᠶᠢᠷᠢ ᠶᠢᠨ ᠰᠤᠶᠢᠳᠭᠡᠯ ᠢ ᠰᠣᠷᠣᠭᠴᠢ ᠨᠢᠭᠡᠪᠦᠷᠢ  ᠳᠤ ᠵᠢᠯ ᠪᠦᠷᠢ 500 ᠲᠦᠭᠦᠷᠢᠭ ᠨᠦᠬᠦᠪᠦᠷᠢᠯᠡᠨ᠎ᠡ︔ ᠳᠣᠮᠳᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ  ᠶᠢᠨ ᠪᠥᠭᠦᠯᠢ ᠡᠳᠤᠷ ᠤᠨ ᠲᠥᠷᠢᠮᠳᠤ ᠲᠤᠮᠳᠠᠳᠤ ᠰᠤᠷᠭᠠᠭᠤᠯᠢ ᠶᠢᠨ ᠳᠤ ᠰᠤᠷᠤᠯᠴᠠᠵᠤ ᠪᠠᠶᠢᠭ᠎ᠠ ᠵᠢᠩᠬᠢᠨᠢ ᠪᠠᠷ ᠲᠠᠩᠰᠠᠯᠠᠭᠤᠯᠤᠠᠠᠰᠠᠨ ᠰᠤᠷᠭᠠᠭᠤᠯᠢ ᠶᠢᠨ ᠬᠠᠷᠢᠶᠠᠯᠠᠯ ᠲᠠᠢ ᠨᠢᠭᠡᠳᠦᠭᠡᠷ ᠣᠨ᠂ ᠬᠤᠶᠠᠳᠣᠭᠠᠷ ᠣᠨ ᠤ ᠰᠤᠷᠤᠠᠠᠴᠢᠳ  ᠤᠨ ᠳᠣᠳᠣᠷ᠎ᠠ ᠠᠴᠠ ᠲᠠᠷᠢᠶᠠᠯᠠᠩ ᠲᠠᠢ ᠬᠤᠯᠪᠣᠭᠳᠠᠬᠤ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠲᠠᠢ ᠦᠯᠦ ᠬᠤᠯᠪᠣᠭᠳᠠᠬᠤ ᠮᠡᠷᠭᠡᠵᠢᠯ ᠤᠨ ᠭᠡᠷ ᠪᠦᠯᠢ ᠶᠢᠨ ᠠᠵᠣ ᠠᠬᠤᠢ ᠨᠢ ᠬᠦᠴᠢᠷᠳᠡᠯᠳᠡᠢ ᠰᠣᠷᠣᠭᠴᠢ ᠳᠤ ᠤᠯᠤᠰ ᠤᠨ ᠲᠠᠰ ᠤᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦ ᠶᠢ ᠰᠤᠷᠤᠠᠠᠴᠢ ᠨᠢᠭᠡᠪᠦᠷᠢ ᠳᠤ ᠵᠢᠯ ᠪᠥᠷᠢ 1500— 2000 ᠲᠥᠭᠦᠷᠢᠭ ᠤᠯᠭᠤᠨ᠎ᠠ᠃ᠲᠠᠷᠬᠠᠭᠠᠨ ᠣᠯᠭᠤᠬᠤ ᠠᠷᠭ᠎ᠠ ᠬᠡᠯᠪᠡᠷᠢ᠄ ᠳᠣᠮᠳᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠶᠢᠨ ᠤᠯᠤᠰ ᠤᠨ ᠲᠡᠰ ᠤᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦ ᠶᠢ ᠰᠣᠷᠣᠭᠴᠢ ᠠᠴᠠ ᠰᠣᠷᠭᠠᠭᠤᠯᠢ ᠳᠤ ᠭᠤᠶᠣᠴᠢᠯᠠᠯ ᠳᠡᠪᠰᠢᠭᠦᠯᠦᠨ᠂ ᠱᠠᠭᠠᠷᠳᠠᠯᠭ᠎ᠠ ᠶᠣᠰᠣᠭᠠᠷ ᠭᠤᠶᠣᠴᠢᠯᠠᠯ ᠤᠨ ᠭᠥᠰᠥᠨᠥᠭᠳᠥ ᠶᠢ ᠲᠬᠠᠯᠠᠵᠤ᠂ ᠬᠠᠮᠢᠶ᠎ᠠ ᠪᠥᠭᠦᠢ ᠭᠡᠷᠡᠴᠢ ᠮᠠᠲ᠋ᠧᠷᠢᠶᠠᠯ ᠢᠶᠠᠨ ᠰᠤᠷᠭᠠᠭᠤᠯᠢ ᠳᠤ ᠬᠠᠩᠭᠠᠵᠣ᠂ ᠰᠤᠷᠭᠠᠭᠤᠯᠢ ᠶᠢᠨ ᠰᠤᠷᠤᠯᠭ᠎ᠠ ᠶᠢᠨ ᠲᠡᠳᠭᠦᠮᠵᠢ ᠶᠢᠨ ᠦᠨᠡᠯᠡᠨ ᠳᠣᠭᠳᠠᠭᠠᠬᠤ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠵᠣ᠂ ᠨᠡᠶᠢᠳᠡ ᠳᠤ ᠵᠠᠷᠯᠠᠨ ᠣᠨᠳᠣᠣ ᠰᠠᠨᠠᠯ ᠭᠠᠷᠣᠭᠰᠠᠨ ᠥᠬᠡᠢ ᠪᠣᠯ ᠳᠡᠳᠭᠦᠮᠵᠢ ᠶᠢᠨ ᠮᠦᠩᠭᠦ ᠶᠢ ᠳᠠᠷᠬᠠᠭᠠᠨ᠎ᠠ᠃ ᠪᠠᠶᠢᠷᠢ ᠳᠤ ᠰᠠᠭᠤᠭ᠎ᠠ ᠰᠣᠷᠣᠭᠴᠢ ᠶᠢᠨ ᠪᠠᠶᠢᠷᠢ ᠶᠢᠨ ᠰᠦᠢᠳᠭᠡᠯ ᠢ ᠬᠠᠰᠣᠬᠤ ᠪᠣᠶᠣ ᠬᠡᠯᠳᠦᠷᠢᠭᠦᠯᠦᠨ᠎ᠡ᠃ᠲᠥᠷᠪᠡ᠂ ᠶᠡᠭᠡ ᠰᠤᠷᠭᠠᠭᠤᠯᠢ ᠶᠢᠨ ᠱᠠᠳᠤᠨ ᠤ ᠰᠤᠷᠤᠯᠭ᠎ᠠ ᠶᠢᠨ ᠲᠡᠳᠭᠦᠮᠵᠢ︵ᠨᠢᠭᠡ︶ ᠥᠪᠡᠷᠳᠠᠭᠡᠨ ᠵᠠᠰᠠᠬᠤ ᠤᠷᠤᠨ ᠤ ᠲᠦᠷᠦ ᠶᠢᠨ ᠪᠣᠳᠣᠯᠭ᠎ᠠ᠃ ᠶᠡᠭᠡ ᠲᠡᠭᠡᠳᠤ ᠰᠤᠷᠭᠠᠭᠤᠯᠢ ᠳᠤ ᠡᠯᠰᠡᠭᠳᠡᠭᠰᠡᠨ ᠥᠪᠤᠷ ᠮᠤᠩᠭᠤᠯ ᠤᠨ ᠥᠪᠡᠷᠳᠠᠭᠡᠨ ᠵᠠᠰᠠᠬᠤ ᠤᠷᠤᠨ ᠤ ᠡᠷᠤᠭᠡ ᠠᠮᠠ ᠲᠠᠢ ᠪᠠᠶᠢᠬᠤ ᠮᠥᠷᠳᠡᠭᠡᠨ ᠳᠣᠰ ᠵᠢᠯ ᠤᠨ ᠬᠤᠳᠠ ᠬᠦᠳᠡᠭᠡ ᠶᠢᠨ ᠲᠤᠤᠷ᠎ᠠ ᠪᠠᠳᠤᠯᠠᠭᠠᠳᠤ ᠡᠷᠤᠭᠡ ᠶᠢᠨ ᠥᠷ᠎ᠡ ᠬᠡᠤᠭᠡᠳ ᠪᠠ ᠥᠨᠤᠴᠢᠨ ᠬᠡᠤᠬᠡᠳ ᠪᠣᠶᠣ ᠳᠠᠩᠰᠠᠯᠠᠵᠣ ᠺᠠᠷᠲᠯᠠᠭᠰᠠᠨ ᠶᠠᠳᠠᠭᠤ ᠭᠥᠴᠢᠷᠳᠡᠯᠳᠡᠢ ᠡᠷᠥᠬᠡ ᠶᠢᠨ ᠥᠷ᠎ᠡ ᠬᠡᠤᠬᠡᠳ ᠢ ᠪᠠᠭᠳᠠᠭᠠᠨ᠎ᠠ᠃ᠲᠡᠳᠭᠦᠮᠵᠢ ᠤᠯᠭᠤᠬᠤ ᠪᠠᠷᠢᠮᠵᠢᠶ᠎ᠠ᠄ ᠶᠡᠭᠡ ᠲᠡᠭᠡᠳᠤ ᠰᠤᠷᠭᠠᠭᠤᠯᠢ ᠶᠢᠨ ᠵᠢᠩᠭᠢᠨᠢ ᠠᠩᠬᠢ ᠳᠤ ᠡᠯᠰᠡᠭᠳᠡᠭᠰᠡᠨ ᠰᠣᠷᠣᠭᠴᠢ ᠨᠢᠭᠡᠪᠦᠷᠢ ᠳᠤ ᠵᠢᠯ ᠪᠥᠷᠢ 10000 ᠲᠥᠭᠦᠷᠢᠭ ᠤᠨ ᠲᠡᠳᠭᠦᠮᠵᠢ ᠬᠦᠷᠳᠡᠭᠡᠵᠣ᠂ ᠨᠡᠶᠢᠳᠡ ᠣᠯᠭᠤᠬᠤ ᠳᠡᠳᠭᠦᠮᠵᠢ ᠶᠢᠨ ᠮᠦᠩᠭᠦ ᠶᠢ 40000 ᠲᠦᠭᠦᠷᠢᠭ ᠠᠴᠠ ᠳᠠᠪᠠᠭᠤᠯᠬᠤ ᠦᠬᠡᠢ︔ ᠶᠡᠭᠡ ᠳᠡᠭᠡᠳᠦ ᠰᠣᠷᠭᠠᠭᠤᠯᠢ  ᠶᠢᠨ ᠲᠤᠰᠬᠠᠢ ᠮᠡᠷᠭᠡᠵᠢᠯ ᠤᠨ ᠠᠩᠭᠢ ᠳᠤ ᠡᠯᠰᠡᠭᠳᠡᠭᠰᠡᠨ ᠰᠣᠷᠣᠭᠴᠢ ᠨᠢᠭᠡᠪᠦᠷᠢ ᠳᠤ ᠵᠢᠯ ᠪᠥᠷᠢ 10000 ᠲᠥᠭᠦᠷᠢᠭ ᠤᠨ ᠳᠡᠳᠭᠦᠮᠵᠢ ᠶᠢᠨ ᠮᠦᠩᠭᠦ ᠣᠯᠭᠤᠵᠣ᠂ ᠨᠡᠶᠢᠳᠡ ᠣᠯᠭᠤᠬᠤ ᠳᠡᠳᠭᠦᠮᠵᠢ ᠶᠢᠨ ᠮᠦᠩᠭᠦ ᠶᠢ 30000 ᠲᠦᠭᠦᠷᠢᠭ ᠠᠴᠠ ᠳᠠᠪᠠᠭᠤᠯᠬᠤ ᠦᠬᠡᠢ᠃ᠲᠠᠷᠬᠠᠭᠠᠨ ᠣᠯᠭᠤᠬᠤ ᠠᠷᠭ᠎ᠠ ᠬᠡᠯᠪᠡᠷᠢ᠄ ᠡᠷᠢᠶᠠᠨ ᠬᠤᠳᠠ ᠶᠢᠨ ᠡᠷᠤᠭᠡ ᠠᠮᠠ ᠲᠠᠢ ᠶᠡᠭᠡ ᠳᠡᠭᠡᠳᠦ ᠰᠣᠷᠭᠠᠭᠤᠯᠢ ᠶᠢᠨ ᠰᠣᠷᠣᠭᠴᠢ ᠨᠢ ᠳᠡᠳᠭᠦᠮᠵᠢ ᠭᠤᠶᠣᠴᠢᠯᠠᠬᠤ ᠨᠦᠬᠦᠴᠡᠯ ᠳᠤ ᠨᠡᠶᠢᠴᠡᠭᠰᠡᠨ ᠲᠤᠤᠷ᠎ᠡ ᠪᠠᠳᠤᠯᠠᠭᠠᠳᠤ ᠡᠷᠤᠬᠡ ᠶᠢᠨ ᠥᠷ᠎ᠡ ᠬᠡᠤᠬᠡᠳ ᠪᠠ ᠥᠨᠤᠴᠢᠨ ᠬᠡᠤᠬᠡᠳ ᠪᠣᠶᠣ ᠳᠠᠩᠰᠠᠯᠠᠵᠣ ᠺᠠᠷᠲᠯᠠᠭᠰᠠᠨ ᠶᠠᠳᠠᠭᠤ ᠭᠥᠴᠢᠷᠳᠡᠯᠳᠡᠢ ᠡᠷᠥᠬᠡ ᠶᠢᠨ ᠦᠷ᠎ᠡ ᠬᠡᠦᠬᠡᠳ ᠵᠢᠯ ᠪᠦᠷᠢ ᠶᠢᠨ ᠵᠣᠨ ᠤ ᠠᠮᠠᠷᠠᠯᠳᠠ ᠶᠢᠨ ᠬᠤᠭᠤᠴᠠᠭᠠᠨ ᠳᠤ ᠳᠣᠬᠠᠢ ᠶᠢᠨ ᠰᠣᠷᠣᠭᠴᠢ ᠦᠪᠡᠰᠦᠪᠡᠨ ᠪᠠᠶ᠎ᠠ ᠶᠢᠨ ᠥᠨᠠᠮᠯᠠᠯ᠂ ᠡᠷᠤᠭᠡ ᠠᠮᠠ ᠶᠢᠨ ᠲᠡᠪᠳᠡᠷ᠂ ᠰᠣᠷᠭᠠᠭᠤᠯᠢ ᠳᠤ ᠡᠯᠰᠡᠭᠳᠡᠭᠰᠡᠨ ᠮᠠᠳᠡᠭᠳᠡᠯ ᠤᠨ ᠪᠢᠴᠢᠭ᠂ ᠲᠤᠤᠷ᠎ᠡ ᠪᠠᠳᠤᠯᠠᠭᠠᠳᠤ ᠡᠷᠤᠬᠡ ᠶᠢᠨ ᠲᠡᠪᠳᠡᠷ ︵ᠥᠨᠤᠴᠢᠨ ᠬᠡᠤᠭᠡᠳ ᠤᠨ ᠭᠡᠷᠡᠴᠢ ᠳᠡᠪᠳᠡᠷ ᠪᠣᠶᠣ ᠳᠠᠩᠰᠠᠯᠠᠵᠣ ᠺᠠᠷᠲᠯᠠᠭᠰᠠᠨ ᠭᠡᠷᠡᠴᠢ ᠲᠡᠪᠳᠡᠷ︶ ᠢᠶᠠᠨ ᠠᠪᠴᠤ ᠡᠷᠢᠶᠠᠨ ᠬᠤᠳᠠ ᠶᠢᠨ ᠰᠤᠷᠤᠯᠭ᠎ᠠ ᠶᠢᠨ ᠲᠡᠳᠭᠦᠮᠵᠢ ᠶᠢᠨ ᠬᠠᠮᠢᠶᠠᠷᠤᠯᠳᠠ ᠶᠢᠨ ᠲᠥᠪ ᠲᠤ ᠬᠦᠷᠴᠦ ᠭᠤᠶᠣᠴᠢᠯᠠᠯ ᠳᠡᠪᠰᠢᠭᠦᠯᠦᠨ᠎ᠡ᠃ ᠰᠤᠷᠤᠯᠭ᠎ᠠ ᠶᠢᠨ ᠲᠡᠳᠭᠦᠮᠵᠢ ᠶᠢᠨ ᠬᠠᠮᠢᠶᠠᠷᠤᠯᠳᠠ ᠶᠢᠨ ᠲᠥᠪ ᠠᠴᠠ ᠠᠩᠬ᠎ᠠ ᠠᠯᠬᠤᠮ ᠬᠢᠨᠠᠨ ᠬᠠᠷᠭᠤᠭᠤᠯᠣᠭᠰᠠᠨ ᠤ ᠲᠠᠷᠠᠭ᠎ᠠ ᠬᠤᠳᠠ ᠶᠢᠨ ᠠᠷᠡᠳ ᠤᠨ ᠶᠠᠪᠤᠳᠠᠯ ᠤᠨ ᠲᠤᠪᠴᠢᠶ᠎ᠠ ᠪᠣᠶᠣ ᠶᠠᠳᠠᠭᠤ ᠶᠢ ᠲᠡᠳᠭᠦᠭᠦ ᠠᠯᠪᠠᠨ ᠭᠡᠷ ᠲᠤ ᠮᠠᠳᠠᠭᠦᠯᠤᠨ ᠬᠢᠨᠠᠨ ᠬᠠᠷᠭᠤᠭᠤᠯᠣᠨ᠎ᠠ᠂ ᠬᠢᠨᠠᠨ ᠬᠠᠷᠭᠤᠭᠤᠯᠣᠯᠳᠠ ᠶᠢ ᠥᠩᠭᠡᠷᠡᠭᠰᠡᠡ ᠤ ᠲᠠᠷᠠᠭ᠎ᠠ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠨᠡᠶᠢᠳᠡ  ᠳᠤ ᠵᠠᠷᠯᠠᠨ ᠣᠨᠳᠣᠣ ᠰᠠᠨᠠᠯ ᠭᠠᠷᠣᠭᠰᠠᠨ ᠦᠬᠡᠢ ᠪᠣᠯ ᠰᠣᠷᠣᠯᠭ᠎ᠠ ᠶᠢᠨ ᠳᠡᠳᠭᠦᠮᠵᠢ ᠶᠢᠨ ᠮᠥᠩᠭᠦ ᠶᠢ ᠰᠤᠷᠤᠠᠠᠴᠢ ᠶᠢᠨ ᠪᠠᠩᠬᠢ ᠶᠢᠨ ᠺᠠᠷᠲ ᠳᠤ ᠤᠷᠤᠭᠤᠯᠵᠤ ᠥᠭᠭᠦᠨ᠎ᠡ᠃︵ᠬᠤᠶᠠᠷ︶ ᠡᠷᠢᠶᠠᠨ ᠬᠤᠳᠠ ᠶᠢᠨ ᠲᠦᠷᠦ ᠶᠢᠨ ᠪᠣᠳᠣᠯᠭ᠎ᠠ᠃ ᠡᠷᠢᠶᠡᠨ ᠬᠤᠳᠠ ᠠᠴᠠ ᠪᠡᠯᠴᠢᠭᠡᠷᠯᠡᠭᠦᠯᠭᠦ ᠶᠢ ᠬᠤᠷᠢᠭᠯᠠᠬᠤ ᠪᠤᠶᠤ ᠮᠠᠯ ᠪᠠᠯᠴᠢᠭᠡᠷ ᠤᠨ ᠲᠠᠩᠴᠡᠭᠦᠷᠢ ᠶᠢᠨ ᠪᠠᠷᠢᠮᠵᠢᠶᠠᠨ ᠳᠤ ᠨᠡᠶᠢᠴᠡᠭᠰᠡᠨ ᠮᠠᠯᠴᠢᠳ ᠤᠨ ᠥᠷ᠎ᠡ ᠬᠡᠤᠭᠡᠳ ᠲᠤ ᠲᠡᠳᠭᠦᠮᠵᠢ ᠣᠯᠭᠤᠨ᠎ᠠ᠃ᠲᠡᠳᠭᠦᠮᠵᠢ ᠤᠯᠭᠤᠬᠤ ᠭᠥᠷᠢᠶ᠎ᠠ ᠬᠡᠪᠴᠢᠶ᠎ᠠ᠄ ᠮᠠᠨ ᠤ ᠬᠤᠳᠠ ᠠᠴᠠ ᠪᠡᠯᠴᠢᠭᠡᠷᠯᠡᠭᠦᠯᠭᠦ ᠶᠢ ᠬᠤᠷᠢᠭᠯᠠᠬᠤ ᠪᠤᠶᠤ ᠮᠠᠯ ᠪᠠᠯᠴᠢᠭᠡᠷ ᠤᠨ ᠲᠠᠩᠴᠡᠭᠦᠷᠢ ᠶᠢᠨ ᠪᠠᠷᠢᠮᠵᠢᠶᠠᠨ ᠳᠤ ᠨᠡᠶᠢᠴᠡᠭᠰᠡᠨ ᠮᠠᠯᠴᠢᠳ ᠤᠨ ᠥᠷ᠎ᠡ ᠬᠡᠤᠭᠡᠳ ᠤᠨ ᠶᠡᠭᠡ ᠳᠡᠭᠡᠳᠦ ᠰᠣᠷᠭᠠᠭᠤᠯᠢ ᠶᠢᠨ ᠵᠢᠩᠬᠢᠨᠢ ᠠᠩᠬᠢ ᠪᠣᠶᠣ ᠳᠣᠰᠬᠠᠢ ᠮᠡᠷᠬᠡᠵᠢᠯ ᠤᠨ ᠠᠩᠬᠢ ᠳᠤ ᠰᠣᠷᠣᠯᠴᠠᠵᠣ ᠪᠠᠶᠢᠭ᠎ᠠ ᠣᠶᠣᠳᠠᠨ  ᠳᠤ ᠲᠡᠳᠭᠦᠮᠵᠢ ᠣᠯᠭᠤᠨ᠎ᠠ᠃ᠲᠡᠳᠭᠦᠮᠵᠢ ᠤᠯᠭᠤᠬᠤ ᠪᠠᠷᠢᠮᠵᠢᠶ᠎ᠠ᠄ ᠪᠡᠯᠴᠢᠭᠡᠷᠯᠡᠭᠦᠯᠭᠦ ᠶᠢ ᠬᠤᠷᠢᠭᠯᠠᠬᠤ ᠪᠤᠶᠤ ᠮᠠᠯ ᠪᠠᠯᠴᠢᠭᠡᠷ ᠤᠨ ᠲᠠᠩᠴᠡᠭᠦᠷᠢ ᠶᠢᠨ ᠪᠠᠷᠢᠮᠵᠢᠶᠠᠨ ᠳᠤ ᠨᠡᠶᠢᠴᠡᠭᠰᠡᠨ ᠮᠠᠯᠴᠢᠳ ᠤᠨ ᠥᠷ᠎ᠡ ᠬᠡᠤᠭᠡᠳ ᠤᠨ ᠶᠡᠭᠡ ᠳᠡᠭᠡᠳᠦ ᠰᠣᠷᠭᠠᠭᠤᠯᠢ ᠶᠢᠨ ᠵᠢᠩᠬᠢᠨᠢ ᠠᠩᠬᠢ ᠶᠢᠨ ᠣᠶᠣᠳᠠᠠ ᠳᠤ ᠵᠢᠯ ᠪᠦᠷᠢ 6000 ᠲᠦᠭᠦᠷᠢᠭ ᠤᠨ ᠳᠡᠳᠭᠦᠮᠵᠢ ᠣᠯᠭᠤᠵᠣ᠂ ᠳᠣᠰᠬᠠᠢ ᠮᠡᠷᠬᠡᠵᠢᠯ ᠤᠨ ᠠᠩᠬᠢ ᠳᠤ ᠰᠣᠷᠣᠯᠴᠠᠵᠣ ᠪᠠᠶᠢᠭ᠎ᠠ ᠣᠶᠣᠳᠠᠠ ᠳᠤ ᠵᠢᠯ ᠪᠥᠷᠢ 4000 ᠲᠥᠭᠦᠷᠢᠭ ᠤᠨ ᠳᠡᠳᠭᠦᠮᠵᠢ ᠤᠯᠭᠤᠨ᠎ᠠ᠃ᠲᠠᠷᠬᠠᠭᠠᠨ ᠣᠯᠭᠤᠬᠤ ᠠᠷᠭ᠎ᠠ ᠬᠡᠯᠪᠡᠷᠢ᠄ ᠳᠣᠬᠠᠢ ᠶᠢᠨ ᠰᠣᠷᠣᠭᠴᠢ ᠦᠪᠡᠰᠦᠪᠠᠨ ᠪᠠᠶ᠎ᠠ ᠶᠢᠨ ᠥᠨᠠᠮᠯᠠᠯ᠂ ᠡᠷᠤᠭᠡ ᠠᠮᠠ ᠶᠢᠨ ᠲᠡᠪᠳᠡᠷ᠂ ᠰᠣᠷᠭᠠᠭᠤᠯᠢ ᠳᠤ ᠡᠯᠰᠡᠭᠳᠡᠭᠰᠡᠨ ᠮᠠᠳᠡᠭᠳᠡᠯ ᠤᠨ ᠪᠢᠴᠢᠭ᠂ ᠰᠣᠷᠣᠭᠴᠢ ᠶᠢᠨ ᠦᠨᠡᠮᠯᠡᠯ᠂ ᠲᠤᠤᠷ᠎ᠡ ᠪᠠᠳᠤᠯᠠᠭᠠᠳᠤ ᠡᠷᠤᠬᠡ ᠶᠢᠨ ᠲᠡᠪᠳᠡᠷ ᠢᠶᠠᠨ ᠠᠪᠴᠤ ᠡᠷᠢᠶᠠᠨ ᠬᠤᠳᠠ ᠶᠢᠨ ᠰᠤᠷᠤᠯᠭ᠎ᠠ ᠶᠢᠨ ᠲᠡᠳᠭᠦᠮᠵᠢ ᠶᠢᠨ ᠬᠠᠮᠢᠶᠠᠷᠤᠯᠳᠠ ᠶᠢᠨ ᠲᠥᠪ ᠲᠤ ᠬᠦᠷᠴᠦ ᠭᠤᠶᠣᠴᠢᠯᠠᠯ ᠳᠡᠪᠰᠢᠭᠦᠯᠦᠨ᠂ ᠭᠤᠶᠣᠴᠢᠯᠠᠯ ᠤᠨ ᠭᠥᠰᠥᠨᠥᠭᠳᠥ ᠶᠢ ᠲᠬᠠᠯᠠᠨ ᠂ ᠬᠤᠳᠠ ᠶᠢᠨ ᠰᠤᠮᠤᠨ ᠤ ᠵᠠᠰᠠᠭ ᠤᠨ ᠤᠷᠳᠤᠨ ᠤ ᠬᠢᠨᠠᠨ ᠬᠠᠷᠭᠤᠭᠤᠯᠣᠯᠳᠠ ᠶᠢ ᠥᠩᠭᠡᠷᠡᠭᠰᠡᠡ ᠤ ᠲᠠᠷᠠᠭ᠎ᠠ᠂ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ ᠳᠤ ᠮᠠᠳᠠᠭᠦᠯᠤᠨ᠂ ᠡᠳ᠋ ᠤᠨ ᠵᠠᠰᠠᠭ ᠤᠨ ᠳᠣᠪᠴᠢᠶ᠎ᠠ ᠠᠴᠠ ᠬᠢᠨᠠᠨ ᠬᠠᠷᠭᠤᠭᠤᠯᠵᠣ ᠳᠡᠳᠭᠦᠮᠵᠢ ᠶᠢᠨ ᠮᠦᠩᠭᠦ ᠶᠢ ᠰᠢᠯᠵᠢᠭᠦᠯᠦᠨ ᠦᠭᠴᠦ᠂ ᠰᠣᠷᠣᠯᠭ᠎ᠠ ᠶᠢᠨ ᠳᠡᠳᠭᠦᠮᠵᠢ ᠶᠢᠨ ᠬᠠᠮᠢᠶᠠᠷᠣᠯᠳᠠ ᠶᠢᠨ ᠲᠦᠪ ᠠᠴᠠ ᠳᠡᠳᠭᠦᠮᠵᠢ ᠶᠢᠨ ᠮᠦᠩᠭᠦ ᠶᠢ ᠰᠤᠷᠤᠠᠠᠴᠢ ᠶᠢᠨ ᠪᠠᠩᠬᠢ ᠶᠢᠨ ᠺᠠᠷᠲ ᠳᠤ ᠤᠷᠤᠭᠤᠯᠵᠤ ᠥᠭᠭᠦᠨ᠎ᠡ᠃ ︵ᠭᠤᠷᠪᠠ︶ ᠤᠯᠤᠰ ᠤᠨ ᠨᠡᠭᠡᠭᠡᠨ ᠬᠦᠭᠵᠢᠬᠦᠯᠦᠯᠳᠡ ᠶᠢᠨ ᠪᠠᠩᠭᠢ ᠶᠢᠨ ᠰᠣᠷᠣᠭᠴᠢ ᠶᠢᠨ ᠢᠷᠡᠯᠳᠡ ᠶᠢᠨ ᠣᠷᠣᠨ ᠤ ᠰᠤᠷᠤᠯᠭ᠎ᠠ ᠶᠢᠨ ᠲᠡᠳᠭᠦᠮᠵᠢ ᠶᠢᠨ ᠢᠳᠡᠭᠡᠮᠵᠢᠳᠤ ᠵᠢᠬᠡᠯᠡᠯᠭᠡᠵᠢᠭᠡᠯᠡᠯᠬᠡ ᠳᠠᠯᠪᠢᠬᠤ ᠬᠦᠷᠢᠶ᠎ᠡ ᠬᠡᠪᠴᠢᠶ᠎ᠡ᠄ ᠳᠣᠬᠠᠢ ᠶᠢᠨ ᠬᠦᠮᠦᠨ ᠵᠢᠴᠢ ᠭᠡᠷ ᠤᠨ ᠠᠬᠠᠮᠠᠳ ᠨᠢ ᠪᠦᠷ ᠡᠷᠢᠶᠡᠨ ᠬᠤᠳᠠ ᠶᠢᠨ ᠡᠷᠦᠬᠡ ᠠᠮᠠ ᠲᠠᠢ ᠪᠠᠶᠢᠵᠣ᠂ ᠶᠡᠭᠡ ᠳᠡᠭᠡᠳᠣ ᠰᠣᠷᠭᠠᠭᠤᠯᠢ ᠳᠤ ᠰᠢᠨ᠎ᠡ ᠪᠠᠷ ᠡᠯᠰᠡᠭᠳᠡᠭᠰᠡᠨ ᠭᠡᠷ ᠪᠦᠯᠢ  ᠶᠢᠨ ᠠᠵᠣ ᠠᠬᠤᠢ ᠨᠢ ᠬᠦᠴᠢᠷᠳᠡᠯᠳᠡᠢ ᠰᠣᠷᠣᠭᠴᠢ ᠪᠣᠶᠣ ᠶᠡᠭᠡ ᠳᠡᠭᠡᠳᠣ ᠰᠣᠷᠭᠠᠭᠤᠯᠢ ᠳᠤ ᠰᠣᠷᠣᠯᠴᠠᠵᠣ ᠪᠠᠶᠢᠭ᠎ᠠ ᠭᠡᠷ ᠪᠦᠯᠢ ᠶᠢᠨ ᠠᠵᠣ ᠠᠬᠤᠢ ᠨᠢ ᠬᠦᠴᠢᠷᠳᠡᠯᠳᠡᠢ ᠰᠣᠷᠣᠭᠴᠢ ᠶᠢ ᠪᠠᠭᠳᠠᠭᠠᠨ᠎ᠠ᠃ ᠵᠢᠭᠡᠯᠡᠯᠭᠡ ᠳᠠᠯᠪᠢᠬᠤ ᠪᠠᠷᠢᠮᠵᠢᠶ᠎ᠠ᠄ ᠪᠥᠭᠦᠯᠢ ᠡᠳᠤᠷ ᠤᠨ ᠲᠥᠷᠢᠮᠳᠤ ᠡᠩ ᠤᠨ ᠶᠡᠭᠡ ᠲᠡᠭᠡᠳᠤ ᠰᠤᠷᠭᠠᠭᠤᠯᠢ ᠶᠢᠨ ᠵᠢᠩᠬᠢᠨᠢ ᠠᠩᠬᠢ ᠪᠠ ᠲᠤᠰᠬᠠᠢ ᠮᠡᠷᠭᠡᠵᠢᠯ ᠤᠨ ᠠᠩᠬᠢ ᠶᠢᠨ ᠰᠣᠷᠣᠭᠴᠢ ︵ᠬᠤᠶᠠᠳᠣᠭᠠᠷ ᠮᠡᠷᠭᠡᠵᠢᠯ ᠤᠨ ᠨᠠᠮᠳᠠᠷ ᠪᠠ  ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠶᠢᠨ ᠰᠣᠷᠣᠭᠴᠢ ᠶᠢ ᠪᠠᠭᠳᠠᠭᠠᠨ᠎ᠠ︶ ᠶᠢᠨ ᠪᠡᠯᠡᠳᠭᠡᠯ ᠤᠨ ᠠᠩᠬᠢ ᠶᠢᠨ ᠰᠣᠷᠣᠭᠴᠢ ᠨᠢᠭᠡᠪᠦᠷᠢ ᠵᠢᠯ ᠪᠦᠷᠢ ᠭᠤᠶᠣᠴᠢᠯᠠᠬᠤ ᠪᠣᠯᠬᠤ ᠵᠢᠭᠡᠯᠡᠯᠭᠡ ᠶᠢᠨ ᠳᠤᠭ᠎ᠠ ᠬᠡᠮᠵᠢᠶ᠎ᠡ 8000 ᠲᠦᠭᠦᠷᠢᠭ ᠠᠴᠠ ᠳᠠᠪᠠᠵᠣ ᠪᠣᠯᠬᠤ ᠦᠬᠡᠢ᠂ 1000 ᠲᠦᠭᠦᠷᠢᠭ ᠠᠴᠠ ᠪᠠᠭ᠎ᠠ ᠪᠠᠶᠢᠵᠣ ᠪᠣᠯᠬᠤ ᠦᠬᠡᠢ︔ ᠪᠥᠭᠦᠯᠢ ᠡᠳᠤᠷ ᠤᠨ ᠲᠥᠷᠢᠮᠳᠤ ᠡᠩ ᠤᠨ ᠶᠡᠭᠡ ᠲᠡᠭᠡᠳᠤ ᠰᠤᠷᠭᠠᠭᠤᠯᠢ ᠶᠢᠨ ᠰᠣᠳᠣᠯᠬᠤ ᠰᠣᠷᠣᠭᠴᠢ ︵ᠠᠰᠫᠢᠷᠠᠨᠲ ᠪᠠ ᠳ᠋ᠣᠺᠲ᠋ᠣᠷ ᠢ ᠪᠠᠭᠳᠠᠭᠠᠨ᠎ᠠ︶ ᠶᠢᠨ ᠭᠤᠶᠣᠴᠢᠯᠠᠵᠣ ᠪᠣᠯᠬᠤ ᠵᠢᠭᠡᠯᠡᠯᠭᠡ ᠶᠢᠨ ᠳᠤᠭ᠎ᠠ ᠬᠡᠮᠵᠢᠶ᠎ᠡ 12000 ᠲᠦᠭᠦᠷᠢᠭ  ᠠᠴᠠ ᠳᠠᠪᠠᠵᠣ ᠪᠣᠯᠬᠤ ᠦᠬᠡᠢ᠃ ᠰᠣᠷᠣᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢ ᠲᠦᠯᠦᠬᠦ ᠬᠤᠭᠤᠴᠠᠭ᠎ᠠ ᠨᠢ ᠬᠠᠮᠤᠭ ᠣᠷᠳᠣ ᠳᠤ ᠪᠠᠨ 13 ᠵᠢᠯ ᠠᠴᠠ ᠳᠠᠪᠠᠵᠣ ᠪᠣᠯᠬᠤ ᠦᠬᠡᠢ᠃ ᠰᠣᠷᠣᠭᠴᠢ ᠶᠢᠨ ᠰᠣᠷᠭᠠᠭᠤᠯᠢ ᠳᠤ ᠰᠠᠭᠤᠭ᠎ᠠ ᠬᠤᠭᠤᠴᠠᠭᠠᠨ ᠳᠠᠬᠢ ᠬᠦᠦ ᠮᠦᠩᠭᠦ ᠶᠢ ᠡᠳ᠋ ᠤᠨ ᠵᠠᠰᠠᠭ ᠠᠴᠠ ᠪᠦᠬᠦ ᠳᠤᠭ᠎ᠠ ᠨᠣᠷᠮ᠎ᠠ ᠪᠠᠷ ᠲᠦᠯᠦᠵᠣ ᠦᠭᠭᠦᠨ᠂ ᠰᠣᠷᠭᠠᠭᠤᠯᠢ ᠳᠡᠭᠦᠰᠦᠭᠰᠡᠨ ᠤ  ᠳᠠᠷᠠᠭ᠎ᠠ ᠬᠦᠦ ᠮᠦᠩᠭᠦ ᠶᠢ ᠳᠣᠬᠠᠢ ᠶᠢᠨ ᠰᠣᠷᠣᠭᠴᠢ ᠪᠠ ᠳᠡᠭᠦᠨ ᠤ ᠭᠡᠷ ᠤᠨ ᠠᠬᠠᠮᠠᠳ ᠬᠠᠷᠢᠭᠤᠴᠠᠬᠤ ᠪᠦᠭᠡᠳ ᠡᠬᠡ ᠮᠦᠩᠭᠦ ᠶᠢ ᠨᠢ ᠪᠣᠴᠠᠭᠠᠨ᠎ᠠ᠃       ᠡᠷᠢᠶᠡᠨ ᠬᠤᠳᠠ ᠶᠢᠨ ᠰᠣᠷᠣᠯᠭ᠎ᠠ ᠶᠢᠨ ᠳᠡᠳᠭᠦᠮᠵᠢ ᠶᠢᠨ ᠬᠠᠮᠢᠶᠠᠷᠣᠯᠳᠠ ᠶᠢᠨ ᠲᠦᠪ ᠤᠨ ᠠᠰᠠᠭᠤᠨ ᠯᠠᠪᠯᠠᠬᠤ ᠣᠳᠠᠰᠣ᠄ 0479—7523700
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号